ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠰᠡᠳᠬᠦᠯ᠎ᠤᠨ ᠵᠢᠷᠭᠤᠳᠤᠭ᠋ᠠᠷ ᠬᠤᠭᠤᠴᠠᠭ᠋ᠠᠨ᠎ᠤ ᠡᠬᠡ ᠪᠢᠴᠢᠭ ᠪᠡᠯᠡᠳᠬᠡᠬᠦ ᠠᠵᠢᠯ᠎ᠤᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-12-19

      12 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠬᠣᠢ᠌ᠨ᠎ᠠ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠰᠡᠳᠬᠦᠯ᠎ᠤᠨ ᠵᠢᠷᠭᠤᠳᠤᠭ᠋ᠠᠷ ᠬᠤᠭᠤᠴᠠᠭ᠋ᠠᠨ᠎ᠤ ᠡᠬᠡ ᠪᠢᠴᠢᠭ ᠪᠡᠯᠡᠳᠬᠡᠬᠦ ᠠᠵᠢᠯ᠎ᠤᠨ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠪᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃
      ᠬᠤᠷᠠᠯ ᠳᠡᠭᠡᠷ᠎ᠡ᠂ ᠶᠦᠨ ᠪᠢᠩ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠰᠡᠳᠬᠦᠯ᠎ᠤᠨ ᠵᠢᠷᠭᠤᠳᠤᠭ᠋ᠠᠷ ᠬᠤᠭᠤᠴᠠᠭ᠎ᠠ ᠵᠢᠴᠢ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠦᠢᠯᠡ ᠠᠵᠢᠯᠯᠠᠭ᠎ᠠ ᠵᠢᠨ ᠲᠤᠰᠬᠠᠶ ᠬᠡᠪᠯᠡᠯ》᠎ᠤᠨ ᠬᠠᠪᠢᠰᠤ᠂ ᠡᠮᠦᠨᠡᠬᠢ ᠦᠭᠡ᠂ ᠬᠠᠷᠠᠭ᠋ᠠᠰᠤ᠂ ᠴᠢᠬᠤᠯᠠ ᠮᠡᠳᠡᠭᠡ ᠵᠡᠷᠭᠡ ᠡᠯ᠎ᠡ ᠪᠤᠯᠤᠩ᠎ᠤᠨ ᠡᠬᠡ ᠪᠢᠴᠢᠭ ᠪᠡᠯᠡᠳᠬᠡᠭᠰᠡᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠨᠠᠷᠢᠨ ᠨᠢᠮᠪᠠᠢ ᠰᠣᠨᠣᠰᠴᠤ᠂ ᠡᠯ᠎ᠡ ᠪᠤᠯᠤᠩ᠎ᠤᠨ ᠠᠵᠢᠯ᠎ᠤᠨ ᠪᠣᠳᠠᠲᠤ ᠪᠠᠢ᠌ᠳᠠᠯ ᠪᠠ ᠠᠬᠢᠴᠠ᠎ᠳᠤ ᠴᠢᠭᠯᠡᠬᠦᠯᠵᠦ᠂ ᠵᠢᠯᠣᠭᠣᠳᠬᠤ ᠰᠠᠨᠠᠯ ᠪᠠ ᠪᠣᠳᠠᠲᠠᠶ ᠱᠠᠭ᠋ᠠᠷᠳᠠᠯᠭ᠎ᠠ ᠵᠢ ᠨᠢᠭᠡᠳ ᠨᠢᠭᠡ᠎ᠪᠠᠷ ᠳᠤᠷᠠᠳᠪᠠ᠃
      ᠬᠤᠷᠠᠯ᠎ᠠᠴᠠ ᠲᠣᠰ ᠬᠤᠭᠤᠴᠠᠭ᠋ᠠᠨ᠎ᠤ ᠡᠬᠡ ᠪᠢᠴᠢᠭ᠎ᠨᠢ ᠪᠣᠳᠠᠲᠠᠶ᠎ᠲᠠᠢ ᠣᠢ᠌ᠷᠠᠲᠤᠵᠤ᠂ ᠭᠣᠤᠯᠳᠠᠯᠭ᠎ᠠ᠎ᠨᠢ ᠳᠤᠪᠤᠢ᠌ᠮ᠎ᠠ᠂ ᠠᠭᠤᠯᠭ᠎ᠠ᠎ᠨᠢ ᠪᠠᠶᠠᠯᠢᠭ ᠮᠦᠷᠳᠡᠬᠡᠨ ᠮᠠᠰᠢ ᠴᠢᠩᠭ᠎ᠠ ᠵᠢᠯᠣᠭᠣᠳᠬᠤ ᠴᠢᠨᠠᠷ ᠪᠠ ᠬᠠᠨᠳᠤᠯᠭ᠋ᠠᠲᠤ ᠴᠢᠨᠠᠷ᠎ᠲᠠᠢ ᠪᠠᠢ᠌ᠵᠤ᠂ ᠡᠬᠡ ᠪᠢᠴᠢᠭ ᠪᠡᠯᠡᠳᠭᠡᠬᠦ ᠡᠯ᠎ᠡ ᠲᠠᠯ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠵᠦ ᠪᠠᠢ᠌ᠨ᠎ᠠ ᠬᠡᠵᠦ ᠵᠢᠭ᠋ᠠᠨ ᠭᠠᠷᠭ᠋ᠠᠪᠠ᠃
      ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠶᠠᠷᠢᠶ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠲᠡᠷᠢᠭᠦᠨ᠎ᠤ ᠨᠡᠢ᠌ᠲᠡᠯᠢᠭ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠢ ᠪᠠᠳᠠᠷᠠᠭᠤᠯᠵᠤ᠂ ᠨᠡᠢ᠌ᠭᠡᠮ ᠳᠠᠶᠠᠭ᠋ᠠᠷ᠎ᠲᠤ ᠦᠨᠳᠦᠰᠦᠲᠡᠨ᠎ᠤ ᠠᠵᠢᠯ᠎ᠢ ᠬᠠᠯᠠᠮᠵᠢᠯᠠᠨ ᠳᠡᠮᠵᠢᠬᠦ ᠰᠠᠢ᠌ᠨ ᠰᠠᠢ᠌ᠬᠠᠨ ᠠᠬᠤᠢ ᠨᠥᠭᠥᠴᠡᠯ᠎ᠢ ᠪᠣᠶ ᠪᠣᠯᠭ᠋ᠠᠬᠤ ᠬᠡᠷᠡᠭᠲᠡᠶ ᠬᠡᠵᠦ ᠱᠠᠭ᠋ᠠᠷᠳᠠᠪᠠ᠃
      ᠰᠡᠳᠬᠦᠯ᠎ᠤᠨ ᠬᠤᠷᠢᠶ᠎ᠠ ᠵᠢᠨ ᠳᠠᠷᠤᠭ᠎ᠠ᠂ ᠶᠡᠷᠦᠩᠬᠡᠢ ᠨᠠᠢ᠌ᠷᠠᠭᠤᠯᠤᠭᠴᠢ ᠸᠠᠩ ᠰᠢᠤᠸᠠᠢ ᠳ᠋ᠦᠩ ᠵᠢᠴᠢ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠰᠡᠳᠬᠦᠯ᠎ᠤᠨ ᠪᠦᠬᠦ ᠨᠠᠢ᠌ᠷᠠᠭᠤᠯᠤᠭᠴᠢ ᠬᠤᠷᠠᠯ᠎ᠳᠤ ᠣᠷᠣᠯᠴᠠᠪᠠ᠃




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ