ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠶᠡᠬᠡ᠎ᠪᠠᠷ ᠤᠬᠠᠭᠤᠯᠤᠨ ᠲᠠᠨᠢᠯᠴᠠᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠴᠢᠬᠤᠯᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠭᠦᠨᠵᠡᠭᠡᠢ ᠥᠷᠨᠢᠭᠦᠯᠬᠦ ᠲᠤᠬᠠᠢ ᠪᠠᠶ᠋ᠢᠷᠢᠯᠠᠭᠤᠯᠤᠯᠲᠠ ᠶᠣᠰᠣᠭ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠪᠣᠳᠠᠲᠠᠢ ᠲᠦᠷᠦᠭᠳᠡᠯ᠎ᠲᠠᠢ ᠪᠦᠳᠦᠮᠵᠢ᠎ᠲᠠᠢ ᠦᠷᠨᠢᠭᠦᠯᠦᠭᠡᠳ ᠢᠯᠡᠳᠲᠡ ᠦᠷ᠎ᠡ ᠪᠦᠲᠦᠮᠵᠢ ᠤᠯᠪᠠ᠃
ᠨᠢᠭᠡ᠎ᠳᠤ ᠱᠠᠲᠤ ᠬᠤᠪᠢᠶᠠᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠵᠢᠯ᠎ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠳᠤᠯᠠᠪᠠ᠃ ᠡᠨᠡ ᠵᠢᠯ᠎ᠤᠨ 4 ᠳ᠋ᠦ᠍ᠭᠡᠷ ᠰᠠᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠨ ᠲᠠᠶ᠋ᠢᠯᠪᠤᠷᠢᠯᠠᠬᠤ ᠲᠣᠬᠠᠢ ᠠᠵᠢᠯ᠎ᠤᠨ ᠲᠥᠰᠦᠯ》᠎ᠢ ᠲᠣᠭᠲᠠᠭ᠋ᠠᠵᠤ᠂ ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ ᠡᠯ᠎ᠡ ᠭᠠᠵᠠᠷ ᠣᠷᠣᠨ᠎ᠨᠢ ᠲᠤᠰ ᠲᠤᠰ᠎ᠤᠨ ᠵᠶ᠋ᠠᠨ ᠤᠬᠠᠭᠤᠯᠤᠨ ᠲᠠᠶ᠋ᠢᠯᠪᠤᠷᠢᠯᠠᠬᠤ ᠠᠵᠢᠯ᠎ᠤᠨ ᠲᠥᠰᠦᠯ᠎ᠢ ᠲᠣᠭᠲᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠪᠠᠶ᠋ᠢᠷᠢᠯᠠᠭᠤᠯᠤᠯᠲᠠ᠎ᠲᠠᠢ᠂ ᠲᠣᠬᠢᠷᠠᠭᠤᠯᠤᠯᠲᠠ᠎ᠲᠠᠢ᠂ ᠨᠠᠶ᠋ᠢᠳᠠᠪᠤᠷᠢᠵᠢᠭᠤᠯᠤᠯᠲᠠ᠎ᠲᠠᠢ ᠪᠣᠯᠭ᠋ᠠᠵᠤ᠂ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠳᠤᠯᠠᠪᠠ᠃ ᠪᠦᠬᠦ ᠣᠷᠣᠨ᠎ᠤ ᠨᠢᠭᠡᠳᠦᠮᠡᠯ ᠹᠷᠣᠨᠲ᠎ᠤᠨ ᠰᠢᠰᠲ᠋ᠧᠮ᠂ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠰᠢᠰᠲ᠋ᠧᠮ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠠᠴᠠ ᠤᠯᠤᠰ ᠲᠥᠷᠥ ᠵᠢᠨ ᠤᠬᠠᠮᠰᠠᠷ ᠵᠶ᠋ᠠᠷ ᠴᠢᠩᠭ᠎ᠠ᠂ ᠣᠨᠣᠯ᠎ᠤᠨ ᠬᠡᠪ ᠪᠣᠯᠪᠠᠰᠤᠷᠠᠯ ᠵᠶ᠋ᠠᠷ ᠥᠨᠳᠥᠷ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠷ ᠰᠠᠶ᠋ᠢᠨ ᠺᠠᠳ᠋ᠷ᠂ ᠪᠠᠭᠰᠢ᠂ ᠡᠷᠳᠡᠮᠲᠡᠳ᠎ᠠᠴᠠ 1000 ᠭᠠᠷᠤᠶ ᠬᠥᠮᠦᠨ᠎ᠢ ᠰᠤᠩᠭᠤᠨ ᠭᠠᠷᠭ᠋ᠠᠵᠦ ᠵᠣᠬᠢᠶᠠᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠵᠡᠷᠭᠡ ᠭᠤᠷᠪᠠᠨ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠠᠮᠲᠤᠷᠠᠨ ᠬᠦᠳᠡᠯᠦᠯᠴᠡᠭᠰᠡᠨ᠂ ᠵᠣᠬᠢᠴᠠᠭᠤᠯᠤᠨ ᠠᠬᠢᠭᠤᠯᠤᠭᠰᠠᠨ ᠠᠵᠢᠯ᠎ᠤᠨ ᠪᠠᠶ᠋ᠢᠷᠢᠰᠢᠯ᠎ᠢ ᠪᠦᠷᠢᠯᠳᠦᠭᠦᠯᠵᠦ᠂ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠡᠯ᠎ᠡ ᠳᠡᠰ ᠳᠠᠪᠬᠤᠷᠭ᠎ᠠ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠳᠤᠯᠠᠪᠠ᠃
ᠬᠣᠶᠠᠷ᠎ᠲᠤ ᠪᠥᠬᠥ ᠠᠷᠠᠳ᠎ᠢ ᠳᠠᠶ᠋ᠢᠴᠢᠯᠠᠨ ᠣᠷᠣᠯᠴᠠᠭᠤᠯᠵᠤ᠂ ᠪᠥᠬᠥ ᠠᠷᠠᠳ᠎ᠢ ᠬᠠᠮᠤᠷᠤᠭᠰᠠᠨ ᠤᠬᠠᠭᠤᠯᠭ᠎ᠠ ᠵᠢ ᠪᠡᠶᠡᠯᠡᠭᠦᠯᠪᠡ᠃ 《ᠤᠬᠠᠭᠤᠯᠤᠨ ᠲᠠᠶ᠋ᠢᠯᠪᠤᠷᠢᠯᠠᠬᠤ ᠬᠥᠲᠥᠯᠪᠦᠷᠢ》 ᠵᠢ ᠠᠮᠢᠳᠤᠯᠢᠭ ᠰᠠᠶ᠋ᠢᠲᠤᠷ ᠬᠡᠷᠡᠭᠯᠡᠵᠦ᠂ ᠨᠠᠮ᠎ᠤᠨ ᠲᠥᠪ ᠬᠣᠷᠢᠶᠠᠨ᠎ᠤ ᠬᠣᠯᠪᠣᠭᠳᠠᠯ ᠪᠦᠬᠦᠢ ᠬᠠᠮᠤᠭ᠎ᠤᠨ ᠰᠢᠨ᠎ᠡ ᠵᠣᠷᠢᠭ ᠰᠠᠨᠠᠭ᠎ᠠ ᠪᠣᠯᠤᠨ ᠱᠠᠭ᠋ᠠᠷᠳᠠᠯᠭ᠎ᠠ ᠵᠢ ᠦᠨᠳᠦᠰᠦᠯᠡᠨ ᠤᠬᠠᠭᠤᠯᠤᠨ ᠲᠠᠶ᠋ᠢᠯᠪᠤᠷᠢᠯᠠᠬᠤ ᠠᠭᠤᠯᠭ᠎ᠠ᠎ᠪᠠᠨ ᠴᠠᠭ ᠲᠤᠬᠠᠢᠳᠤᠨᠢ ᠲᠡᠭᠦᠯᠳᠡᠷᠵᠢᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠶ᠋ᠢᠮᠣ》 ᠵᠢᠭ᠋ᠠᠬᠤ ᠮᠠᠲ᠋ᠧᠷᠢᠶᠠᠯ᠂ 《ᠳᠤᠮᠳᠠᠳᠤ ᠵᠢ ᠦᠭᠦᠯᠡᠬᠦᠢ》 ᠵᠢᠨ ᠤᠯᠠᠨ ᠨᠡᠶ᠋ᠢᠲᠡ ᠵᠢᠨ ᠳ᠋ᠤᠭ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠡᠦᠬᠡ ᠵᠢᠨ ᠳᠤᠷᠠᠰᠬᠠᠯᠲᠤ ᠵᠦᠢ᠍ᠯᠡᠰ ᠰᠣᠳᠤᠷ ᠪᠢᠴᠢᠭ᠎ᠤᠨ ᠦᠵᠡᠭᠦᠯᠭᠡ ᠵᠡᠷᠭᠡ ᠡᠬᠢ ᠪᠠᠶᠠᠯᠢᠭ᠎ᠢ ᠰᠠᠶ᠋ᠢᠲᠤᠷ ᠭᠦᠢ᠍ᠴᠡᠳ ᠠᠰᠢᠭᠯᠠᠵᠤ᠂ ᠤᠯᠠᠨ ᠲᠦᠮᠡᠨ᠎ᠤ ᠦᠵᠡᠵᠦ ᠰᠤᠨᠢᠷᠬᠠᠬᠤ ᠲᠤᠷᠠᠲᠠᠢ ᠠᠷᠭ᠎ᠠ ᠬᠡᠯᠪᠡᠷᠢ᠎ᠪᠠᠷ ᠪᠦᠬᠦ ᠠᠷᠠᠳ᠎ᠢ ᠲᠠᠢ᠌ᠴᠢᠯᠠᠬᠤ᠂ ᠪᠦᠬᠦ ᠣᠯᠠᠨ᠎ᠢ ᠪᠦᠷᠬᠦᠭᠦᠯᠬᠦ᠂ ᠨᠡᠢ᠌ᠳᠡᠮ᠎ᠢ ᠬᠠᠮᠤᠷᠬᠤ ᠵᠢ ᠪᠡᠶᠡᠯᠡᠭᠦᠯᠵᠦ᠂ ᠪᠠᠶ᠋ᠢᠭᠤᠯᠭ᠎ᠠ᠂ ᠰᠤᠷᠭ᠋ᠠᠭᠤᠯᠢ᠂ ᠠᠵᠤ ᠠᠬᠤᠶ᠋ᠢᠯᠠᠯ᠂ ᠨᠡᠶ᠋ᠢᠭᠡᠮ ᠲᠣᠭᠣᠷᠢᠭ᠂ ᠬᠥᠳᠡᠭᠡ ᠲᠣᠰᠬᠣᠨ᠂ ᠱᠠᠰᠢᠨ ᠰᠤᠷᠲᠠᠬᠤᠨ᠎ᠤ ᠲᠠᠯᠠᠪᠤᠷ᠂ ᠬᠢᠯᠢ ᠵᠢ ᠬᠠᠮᠠᠭ᠋ᠠᠯᠠᠬᠤ ᠴᠡᠷᠢᠭ ᠠᠩᠭᠢ᠎ᠳᠤ ᠣᠬᠠᠭᠤᠯᠭ᠎ᠠ ᠬᠦᠮᠦᠵᠢᠯ᠎ᠤᠨ ᠠᠵᠢᠯᠯᠠᠭ᠎ᠠ ᠵᠢ ᠦᠷᠨᠢᠭᠦᠯᠵᠦ᠂ ᠤᠬᠠᠭᠤᠯᠤᠨ ᠲᠠᠶ᠋ᠢᠯᠪᠤᠷᠢᠯᠠᠬᠤ ᠪᠣᠷᠣ ᠮᠠᠲ᠋ᠧᠷᠢᠶᠠᠯ᠎ᠢ ᠴᠤᠭᠯᠠᠭᠤᠯᠤᠨ ᠡᠮᠬᠢᠳᠬᠡᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠰᠢᠨ᠎ᠡ ᠪᠤᠳᠠᠲᠦ ᠬᠡᠷᠡᠭ᠎ᠤᠨ ᠵᠢᠱ᠌ᠢᠶ᠎ᠡ ᠪᠠ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠭᠦᠨᠵᠡᠭᠡᠶ ᠠᠭᠤᠳᠠᠯᠵᠤ᠂ ᠣᠳᠤᠬᠠᠨ ᠥᠷᠨᠢᠭᠦᠯᠵᠦ ᠪᠠᠶ᠋ᠢᠭ᠎ᠠ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠪᠦᠬᠦᠢ ᠦᠨᠳᠦᠰᠦᠨ ᠱᠠᠲᠤᠨ᠎ᠳᠤ᠎ᠬᠢ ᠭᠣᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠪᠦᠬᠦ ᠨᠡᠶ᠋ᠢᠭᠡᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠷᠤᠯᠴᠠᠯᠭ᠎ᠠ ᠬᠥᠮᠦᠵᠢᠯ᠎ᠤᠨ ᠬᠠᠯᠠᠭᠤᠨ ᠥᠷᠨᠢᠯᠲᠡ ᠵᠢ ᠭᠠᠷᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠬᠤ ᠵᠢ ᠠᠬᠢᠭᠤᠯᠪᠠ᠃ ᠭᠤᠷᠪᠠᠨ ᠱᠠᠳᠤᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠨᠡᠢ᠍ᠢ᠍ᠳᠡ 8249 ᠲᠠᠯᠠᠪᠤᠷ (ᠤᠳᠠᠭ᠎ᠠ)᠂ 91 . 43 ᠲᠦᠮᠡᠨ ᠬᠥᠮᠦᠨ (ᠤᠳᠠᠭ᠎ᠠ) ᠳᠤ ᠤᠬᠠᠭᠤᠯᠤᠨ ᠲᠠᠢ᠌ᠯᠪᠦᠷᠢᠯᠠᠪᠠ᠃
ᠭᠤᠷᠪᠠ᠎ᠳᠤ ᠤᠬᠠᠭᠤᠯᠤᠨ ᠲᠠᠶ᠋ᠢᠯᠪᠤᠷᠢᠯᠠᠬᠤ ᠠᠷᠭ᠎ᠠ ᠬᠡᠯᠪᠡᠷᠢ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠨᠡᠶ᠋ᠢᠭᠡᠮ᠎ᠤᠨ ᠰᠠᠢ᠍ᠢ᠍ᠨ ᠰᠠᠶ᠋ᠢᠬᠠᠨ ᠠᠬᠤᠢ ᠨᠦᠭᠦᠴᠡᠯ᠎ᠢ ᠪᠤᠢ ᠪᠣᠯᠭ᠋ᠠᠪᠠ᠃ ᠠᠳᠠᠯᠢ ᠪᠤᠰᠤ ᠬᠦᠯᠢᠶᠡᠨ ᠠᠪᠤᠭᠴᠢᠳ᠎ᠤᠨ ᠣᠨᠴᠠᠯᠢᠭ᠎ᠢ ᠦᠨᠳᠦᠰᠦᠯᠡᠵᠦ᠂ ᠤᠬᠠᠭᠤᠯᠤᠨ ᠲᠠᠶ᠋ᠢᠯᠪᠤᠷᠢᠯᠠᠬᠤ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠨᠢᠭᠤᠷᠳᠠᠨ ᠬᠦᠮᠦᠵᠢᠭᠦᠯᠦᠨ ᠵᠢᠯᠤᠭᠤᠳᠬᠤ᠂ ᠬᠠᠮᠲᠤ᠎ᠪᠠᠷ ᠬᠤᠪᠢᠶᠠᠯᠴᠠᠨ ᠰᠤᠷᠤᠯᠴᠠᠬᠤ᠂ ᠪᠦᠯᠦᠭ ᠬᠤᠪᠢᠶᠠᠨ ᠰᠤᠷᠤᠯᠴᠠᠵᠤ ᠬᠦᠮᠦᠵᠢᠭᠦᠯᠬᠦ᠂ ᠣᠯᠠᠨ ᠵᠶ᠋ᠠᠷ ᠰᠤᠷᠤᠯᠴᠠᠵᠤ ᠬᠦᠮᠦᠵᠢᠭᠦᠯᠬᠦ ᠵᠡᠷᠭᠡ 《ᠳᠥᠷᠪᠡᠨ ᠬᠥᠮᠦᠵᠢᠯ᠎ᠢ ᠠᠭᠤᠰᠤᠯᠴᠠᠭᠤᠯᠬᠤ》 ᠠᠷᠭ᠎ᠠ᠎ᠪᠠᠷ ᠣᠯᠠᠨ ᠶᠠᠩᠵᠤ ᠬᠡᠯᠪᠡᠷᠢ᠎ᠲᠠᠢ᠂ ᠣᠯᠠᠨ ᠲᠦᠮᠡᠨ᠎ᠳᠤ ᠬᠦᠷᠢᠶᠡᠯᠡᠯ᠎ᠲᠠᠢ᠂ ᠦᠷ᠎ᠡ ᠪᠦᠲᠦᠮᠵᠢ᠎ᠲᠠᠢ ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠭᠦᠯᠪᠡ᠃ ᠪᠣᠶ᠋ᠢᠳᠠ ᠪᠦᠭᠯᠡᠭᠦᠦ ᠭᠠᠵᠠᠷ ᠣᠷᠣᠨ᠎ᠤ ᠺᠠᠳ᠋ᠷ ᠣᠯᠠᠨ ᠲᠦᠮᠡᠨ ᠲᠠᠷᠠᠬᠠᠶ ᠪᠤᠲᠠᠷᠬᠠᠶ ᠣᠷᠣᠰᠢᠨ ᠰᠠᠭᠤᠷᠢᠰᠢᠵᠤ᠂ ᠵᠠᠮ ᠬᠠᠷᠢᠯᠴᠠᠭ᠎ᠠ ᠳᠥᠭᠥᠮ ᠦᠭᠡᠢ ᠪᠠᠢ᠌ᠳᠠᠭ ᠲᠤᠯᠠ ᠰᠦᠯᠵᠢᠶᠡᠨ ᠭᠠᠳᠠᠨ᠎ᠠ ᠤᠬᠠᠭᠤᠯᠤᠨ ᠲᠠᠶ᠋ᠢᠯᠪᠤᠷᠢᠯᠠᠬᠤ ᠪᠠ ᠰᠦᠯᠵᠢᠶᠡᠨ ᠳᠡᠭᠡᠷ᠎ᠡ ᠠᠯᠤᠰ ᠡᠵᠡᠮᠰᠢᠯ ᠵᠶ᠋ᠡᠷ ᠤᠬᠠᠭᠤᠯᠤᠨ ᠲᠠᠶ᠋ᠢᠯᠪᠤᠷᠢᠯᠠᠬᠤ ᠵᠢ ᠤᠶᠠᠯᠳᠤᠭᠤᠯᠪᠠ᠃ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠤᠢ᠌ᠯᠡᠰ᠎ᠤᠨ ᠨᠢᠭᠡᠴᠢ᠎ᠳᠤ ᠤᠬᠠᠭᠤᠯᠤᠨ ᠲᠠᠶ᠋ᠢᠯᠪᠤᠷᠢᠯᠠᠬᠤ ᠳᠤᠮᠳᠠ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠯᠤᠭ᠎ᠠ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠨᠠᠩ ᠰᠠᠶ᠋ᠢᠲᠤᠷ ᠭᠦᠢ᠍ᠴᠡᠳᠬᠡᠬᠦ᠂ ᠠᠵᠢᠯ᠎ᠤᠨ ᠭᠤᠤᠯ ᠰᠢᠵᠢᠮ᠎ᠢ ᠲᠤᠭᠤᠰᠢᠯᠠᠭᠤᠯᠬᠤ᠎ᠯᠤᠭ᠎ᠠ ᠣᠷᠭ᠋ᠠᠨᠢᠭ ᠵᠶ᠋ᠠᠷ ᠠᠭᠤᠰᠤᠯᠴᠠᠭᠤᠯᠪᠠ᠃ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ᠎ᠳᠤ ᠮᠠᠯᠴᠢᠨ ᠲᠠᠷᠢᠶᠠᠴᠢᠨ ᠤᠯᠠᠨ ᠲᠦᠮᠡᠨ᠎ᠳᠤ ᠴᠢᠭᠯᠡᠭᠦᠯᠦᠨ ᠤᠬᠠᠭᠤᠯᠤᠨ ᠲᠠᠢ᠌ᠯᠪᠤᠷᠢᠯᠠᠬᠤ᠎ᠳᠤ᠎ᠪᠠᠨ ᠬᠤᠪᠢᠰᠬᠠᠯᠲᠤ ᠤᠳᠬ᠎ᠠ ᠤᠷᠠᠯᠢᠭ᠎ᠤᠨ ᠰᠣᠳᠣᠨ ᠪᠦᠲᠦᠭᠡᠯ ᠵᠡᠷᠭᠡ ᠠᠴᠢᠶᠠᠯᠠᠪᠤᠷᠢ ᠵᠢ ᠰᠠᠶ᠋ᠢᠲᠤᠷ ᠬᠡᠷᠡᠭᠯᠡᠵᠦ᠂ ᠡᠯ᠎ᠡ ᠭᠠᠵᠠᠷ᠎ᠤᠨ ᠤᠯᠠᠭ᠋ᠠᠨᠮᠥ᠋ᠴᠢᠷ᠎ᠤᠨ ᠤᠬᠠᠭᠤᠯᠬᠤ ᠠᠩᠬᠢ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠪᠠ᠃ ᠬᠥᠬᠡᠬᠣᠲᠠ 《ᠤᠬᠠᠭᠤᠯᠤᠨ ᠲᠠᠶ᠋ᠢᠯᠪᠤᠷᠢᠯᠠᠬᠤ + N》 ᠠᠷᠭ᠎ᠠ ᠬᠡᠯᠪᠡᠷᠢ ᠵᠢ ᠠᠪᠴᠤ᠂ ᠢᠮᠠᠭᠲᠠ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠠᠵᠢᠯᠯᠠᠭ᠎ᠠ ᠵᠢᠨ ᠠᠴᠢᠶᠠᠯᠠᠪᠤᠷᠢ ᠵᠢ ᠪᠠᠶᠠᠯᠢᠭᠵᠢᠭᠤᠯᠵᠤ᠂ ᠤᠬᠠᠭᠤᠯᠤᠨ ᠲᠠᠶ᠋ᠢᠯᠪᠤᠷᠢᠯᠠᠬᠤ ᠨᠦᠯᠦᠭᠡᠯᠡᠬᠦ ᠬᠦᠴᠦᠨ᠎ᠢ ᠨᠡᠮᠡᠭᠳᠡᠭᠦᠯᠵᠦ᠂ ᠤᠯᠠᠨ ᠠᠷᠭ᠎ᠠ ᠵᠠᠮ ᠵᠶ᠋ᠠᠷ ᠤᠬᠠᠭᠤᠯᠤᠨ ᠲᠠᠶ᠋ᠢᠯᠪᠤᠷᠢᠯᠠᠬᠤ ᠦᠷ᠎ᠡ ᠪᠦᠲᠦᠮᠵᠢ ᠵᠢ ᠢᠯᠡᠷᠡᠭᠦᠯᠪᠡ᠃ ᠪᠤᠭᠤᠲᠤ ᠬᠣᠲᠠ 《ᠲᠠᠯ᠎ᠠ ᠨᠤᠲᠤᠭ᠎ᠤᠨ ᠪᠠᠭ᠋ᠠᠲᠤᠷ ᠪᠢᠴᠢᠬᠠᠨ ᠡᠭᠡᠴᠢ ᠳᠡᠭᠦᠦ ᠵᠢᠨ ᠬᠢᠴᠢᠶᠡᠯ᠎ᠤᠨ ᠬᠡᠷ》᠎ᠢ ᠪᠠᠶ᠋ᠢᠭᠤᠯᠵᠤ᠂ 《ᠤᠯᠠᠭ᠋ᠠᠨ ᠠᠨᠠᠷ ᠨᠠᠮ᠎ᠤᠨ ᠬᠢᠴᠢᠶᠡᠯ》᠎ᠤᠨ ᠵᠢᠭ᠋ᠠᠨ ᠰᠤᠷᠭ᠋ᠠᠯᠲᠠ ᠵᠢᠨ ᠨᠠᠷᠠᠲᠤ ᠲᠡᠮᠳᠡᠭ᠎ᠢ ᠡᠭᠦᠳᠴᠦ᠂ ᠲᠤᠰᠬᠠᠶ ᠰᠡᠳᠦᠪᠲᠦ ᠬᠢᠴᠢᠶᠡᠯ 12᠂ ᠳᠠᠭᠤᠤ ᠭᠦᠭᠵᠢᠮ᠎ᠲᠦ ᠨᠠᠮ᠎ᠤᠨ ᠬᠢᠴᠢᠶᠡᠯ 14᠂ ᠲᠤᠬᠠᠶ ᠵᠢᠨ ᠲᠠᠯᠠᠪᠠᠶ ᠵᠢᠨ ᠵᠢᠭ᠋ᠠᠨ ᠰᠤᠷᠭ᠋ᠠᠯᠲᠠ ᠵᠢᠨ ᠬᠢᠴᠢᠶᠡᠯ 6᠂ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷᠲᠦ ᠪᠢᠴᠢᠯ ᠸᠢᠳᠢᠣ᠋ ᠨᠠᠮ᠎ᠤᠨ ᠬᠢᠴᠢᠶᠡᠯ 20 ᠵᠢ ᠰᠤᠳᠤᠯᠤᠨ ᠨᠡᠭᠡᠭᠡᠪᠡ᠃ ᠬᠥᠯᠥᠨ ᠪᠤᠢ᠍ᠢ᠍ᠷ ᠬᠤᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠰᠦᠯᠵᠢᠶᠡᠨ ᠳᠡᠭᠡᠷᠡᠬᠢ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠂ ᠤᠯᠠᠨ ᠨᠡᠶ᠋ᠢᠲᠡ ᠵᠢᠨ ᠳ᠋ᠤᠭ᠋ᠠᠷ᠎ᠤᠨ ᠲᠠᠪᠴᠠᠩ ᠳᠡᠭᠡᠷ᠎ᠡ 《ᠠᠨᠠᠷ᠎ᠤᠨ ᠴᠡᠴᠡᠭ ᠮᠢᠷᠠᠯᠵᠠᠨ ᠳᠡᠯᠭᠡᠷᠡᠨᠡᠮ》᠂ 《ᠯᠢᠤ ᠯᠢᠤ ᠪᠧᠢ ᠪᠧᠢ》᠂ 《ᠳᠤᠮᠳᠠᠳᠤ ᠵᠢᠨ ᠰᠣᠶᠣᠯ᠎ᠢ ᠪᠠᠳᠠᠷᠠᠭᠤᠯᠤᠶ᠎ᠠ》 ᠭᠡᠬᠦ ᠵᠡᠷᠭᠡ ᠪᠤᠯᠤᠩ᠎ᠢ ᠲᠤᠬᠢᠷᠠᠭᠤᠯᠵᠦ᠂ ᠨᠡᠢ᠍ᠢ᠍ᠳᠡ 421 ᠲᠦᠮᠡ ᠤᠳᠠᠭ᠎ᠠ ᠨᠡᠪᠲᠡᠷᠡᠭᠦᠯᠵᠦ᠂ ᠢᠨᠲᠸᠷ ᠰᠦᠯᠵᠢᠶᠡᠨ ᠳᠡᠭᠡᠷ᠎ᠡ ᠦᠨᠳᠦᠰᠦᠲᠡᠨ᠎ᠤ ᠪᠦᠯᠬᠦᠮᠳᠡᠯ᠎ᠤᠨ ᠭᠣᠣᠯ ᠬᠦᠭ ᠠᠶᠠᠰ᠎ᠢ ᠴᠤᠤᠷᠢᠶᠠᠳᠠᠭᠤᠯᠤᠨ ᠴᠢᠪᠬᠠᠳᠠᠪᠠ᠃ ᠠᠯᠠᠱ᠌ᠠ ᠠᠶ᠋ᠢᠮᠠᠭ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠤᠯᠠᠭ᠋ᠠᠨᠮᠥ᠋ᠴᠢᠷᠤᠨᠬᠢᠨᠤ ᠲᠣᠰᠬᠣᠨ᠎ᠳᠤ᠎ᠬᠢ ᠠᠶᠠᠯᠠᠯ》 ᠵᠡᠷᠭᠡ ᠰᠢᠷᠢᠰ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ 80 ᠭᠠᠷᠤᠶ ᠲᠠᠯᠠᠪᠤᠷ ᠤᠳᠠᠭ᠎ᠠ ᠡᠷᠬᠢᠯᠡᠵᠦ᠂ 2 ᠲᠦᠮᠡ ᠭᠠᠷᠤᠶ ᠬᠥᠮᠦᠨ ᠤᠳᠠᠭ᠎ᠠ᠎ᠳᠤ ᠤᠬᠠᠭᠤᠯᠤᠨ ᠲᠠᠢ᠌ᠯᠪᠦᠷᠯᠠᠵᠦ᠂ ᠤᠳᠬ᠎ᠠ ᠤᠷᠠᠯᠢᠭ᠎ᠤᠨ ᠬᠦᠴᠦᠨ ᠵᠶ᠋ᠠᠷ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠶ᠋ᠢᠲᠤᠷ ᠶᠠᠷᠢᠵᠤ᠂ ᠨᠡᠶ᠋ᠢᠭᠡᠮ᠎ᠤᠨ ᠰᠠᠶ᠋ᠢᠨ ᠰᠠᠶ᠋ᠢᠬᠠᠨ ᠲᠤᠰᠬᠠᠯ᠎ᠢ ᠤᠯᠪᠠ᠃
ᠳᠥᠷᠪᠡ᠎ᠳᠤ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠤᠬᠠᠭᠤᠯᠤᠨ ᠲᠠᠶ᠋ᠢᠯᠪᠤᠷᠢᠯᠠᠬᠤ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠪᠡ᠃ ᠤᠬᠠᠭᠤᠯᠤᠨ ᠮᠡᠳᠡᠭᠡᠯᠡᠬᠦ ᠬᠠᠮ ᠬᠦᠴᠦᠨ᠎ᠢ ᠨᠡᠢ᠌ᠳᠬᠡᠵᠦ᠂ ᠡᠯ᠎ᠡ ᠱᠠᠲᠤᠨ᠎ᠤ ᠨᠠᠮ᠎ᠤᠨ ᠰᠣᠨᠢᠨ ᠰᠡᠳᠬᠦᠯ᠂ ᠷᠠᠳᠢᠣ᠋ ᠲᠧᠯᠸᠢᠰ ᠵᠡᠷᠭᠡ ᠤᠬᠠᠭᠤᠯᠭ᠎ᠠ ᠵᠢᠨ ᠭᠤᠤᠯ ᠵᠢᠭᠰᠠᠭ᠋ᠠᠯ᠎ᠤᠨ ᠭᠠᠵᠠᠷ᠎ᠤᠨ ᠤᠢ᠌ᠯᠡᠳᠦᠯᠢ ᠪᠠᠳᠠᠷᠠᠭᠤᠯᠵᠦ᠂ ᠰᠢᠨ᠎ᠡ ᠵᠠᠭᠤᠴᠢᠯᠠᠭᠤᠷ᠎ᠢ ᠬᠡᠷᠡᠭᠯᠡᠬᠦ ᠵᠢ ᠴᠢᠬᠤᠯᠠᠴᠢᠯᠠᠵᠦ᠂ ᠬᠠᠮ ᠵᠠᠭᠤᠴᠢᠯᠠᠭᠤᠷ᠎ᠤᠨ ᠨᠡᠪᠲᠡᠷᠡᠭᠦᠯᠭᠡ ᠳᠠᠮᠵᠢᠭᠤᠯᠭ᠎ᠠ ᠵᠢ ᠠᠬᠢᠭᠤᠯᠵᠦ᠂ ᠵᠥᠪ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠪᠠᠲᠤ ᠡᠵᠡᠮᠳᠡᠵᠦ᠂ ᠤᠬᠠᠭᠤᠯᠭ᠎ᠠ ᠵᠢᠨ ᠬᠠᠨᠳᠤᠯᠭ᠋ᠠᠲᠤ ᠴᠢᠨᠠᠷ᠂ ᠪᠦᠲᠦᠮᠵᠢᠲᠦ ᠴᠢᠨᠠᠷ ᠪᠠ ᠡᠶᠡᠯᠰᠡᠭ ᠬᠦᠴᠦᠨ᠂ ᠨᠥᠯᠥᠭᠡᠯᠡᠬᠦ ᠬᠦᠴᠦᠨ᠎ᠢ ᠨᠡᠮᠡᠭᠳᠡᠭᠦᠯᠵᠦ᠂ ᠭᠦᠨ ᠵᠤᠵᠠᠭ᠋ᠠᠨ ᠨᠡᠶ᠋ᠢᠭᠡᠮ᠎ᠤᠨ ᠠᠬᠤᠢ ᠨᠦᠭᠦᠴᠡᠯ᠎ᠢ ᠪᠤᠢ ᠪᠣᠯᠭ᠋ᠠᠵᠦ᠂ 《ᠲᠦᠮᠡᠨ ᠲᠤᠰᠬᠠᠶ ᠲᠠᠯᠠᠪᠤᠷ᠂ ᠮᠢᠩᠭ᠋ᠠᠨ ᠬᠥᠮᠦᠨ ᠤᠬᠠᠭᠤᠯᠤᠨ ᠲᠠᠶ᠋ᠢᠯᠪᠤᠷᠢᠯᠠᠬᠤ᠂ ᠵᠠᠭᠤᠨ ᠬᠣᠰᠢᠭᠤ (ᠰᠢᠶᠠᠨ) ᠵᠢ ᠬᠠᠮᠤᠷᠤᠭᠰᠠᠨ》 ᠬᠦᠴᠦᠷᠬᠡᠭ ᠶᠡᠬᠡ ᠦᠷ᠎ᠡ ᠪᠦᠲᠦᠮᠵᠢ᠎ᠲᠠᠢ ᠪᠤᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠶᠡᠷᠦᠩᠬᠡᠶ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠨᠠᠮ᠎ᠤᠨ ᠲᠥᠪ ᠬᠣᠷᠢᠶᠠᠨ᠎ᠤ ᠵᠥᠪ ᠣᠨᠣᠪᠴᠢᠲᠠᠢ ᠤᠳᠤᠷᠢᠳᠤᠯᠭ᠎ᠠ ᠳᠤᠤᠷ᠎ᠠ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠪᠡᠶᠡᠯᠡᠭᠦᠯᠬᠦ ᠵᠢᠨ ᠲᠥᠯᠥᠭᠡ ᠪᠦᠯᠬᠦᠮᠳᠡᠨ ᠲᠡᠮᠡᠴᠡᠭᠰᠡᠨ ᠴᠠᠭ ᠦᠶ᠎ᠡ ᠵᠢᠨ ᠳᠦᠷᠰᠦ ᠪᠠᠶ᠋ᠢᠳᠠᠯ ᠪᠠ ᠠᠭᠤᠤ ᠶᠡᠬᠡ ᠠᠮᠵᠢᠯᠲᠠ ᠪᠦᠲᠦᠮᠵᠢ ᠵᠢ ᠲᠦᠪᠯᠡᠩᠬᠦᠢ ᠢᠯᠡᠷᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠲᠠᠶ᠋ᠢᠯᠪᠤᠷᠢᠯᠠᠯᠲᠠ ᠵᠢ ᠯᠠᠪᠳᠠᠭᠤᠨ ᠪᠠᠲᠤᠲᠠᠶ ᠥᠷᠨᠢᠭᠦᠯᠬᠦ᠎ᠪᠠᠷ ᠳᠠᠮᠵᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠤᠮᠳᠠᠳᠤ ᠤᠯᠤᠰ᠎ᠤᠨ ᠦᠯᠢᠭᠡᠷ᠂ ᠥᠪᠥᠷ ᠮᠣᠩᠭᠣᠯ᠎ᠤᠨ ᠦᠯᠢᠭᠡᠷ᠎ᠢ ᠰᠠᠶ᠋ᠢᠲᠤᠷ ᠶᠠᠷᠢᠵᠦ᠂ ᠡᠯ᠎ᠡ ᠦᠨᠳᠦᠰᠦᠲᠡᠨ᠎ᠤ ᠺᠠᠳ᠋ᠷ ᠣᠯᠠᠨ ᠲᠦᠮᠡᠨ᠎ᠢ ᠨᠢᠭᠲᠠᠷᠠᠭᠤᠯᠵᠤ᠂ 《ᠬᠣᠶᠠᠷ᠎ᠢ ᠲᠤᠭᠳᠠᠭ᠋ᠠᠭᠰᠠᠨ》᠎ᠤ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠠᠩ ᠭᠦᠨᠵᠡᠭᠡᠶ ᠣᠢ᠌ᠯᠠᠭ᠋ᠠᠭᠤᠯᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠦ᠂ 《ᠳᠥᠷᠪᠡᠨ ᠢᠲᠡᠭᠡᠯ》 ᠵᠶ᠋ᠠᠨ ᠪᠠᠳᠤᠵᠢᠭᠤᠯᠵᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠨᠳᠦᠰᠦᠲᠡᠨ᠎ᠨᠦᠭᠦᠳ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠎ᠳᠤ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ