ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠬᠠᠮᠲᠤᠷᠠᠨ ᠠᠵᠢᠯ᠎ᠤᠨ ᠰᠠᠨᠠᠯ᠎ᠢ ᠳᠠᠷᠤᠮᠠᠯᠯᠠᠨ ᠲᠠᠷᠬᠠᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠤᠨ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠩᠬᠢ᠎ᠳᠤ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2024-12-02

      ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠬᠠᠮᠲᠤᠷᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠬᠦᠳᠦᠨ ᠪᠠᠢ᠌ᠭᠤᠯᠤᠯᠳᠠ ᠵᠢ ᠪᠥᠬᠥ ᠣᠷᠣᠨ᠎ᠤ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠩᠬᠢ᠎ᠳᠤ ᠤᠷᠤᠭᠤᠯᠬᠤ ᠵᠢ ᠭᠦᠨᠵᠡᠭᠡᠶ ᠠᠬᠢᠭᠤᠯᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠳᠠᠷᠬᠠᠭ᠋ᠠᠵᠤ᠂ ᠲᠠᠪᠤᠨ ᠲᠦᠷᠦᠯ᠎ᠤᠨ ᠭᠣᠤᠯᠳᠠᠯᠭ᠎ᠠ᠎ᠲᠠᠢ ᠠᠵᠢᠯ᠎ᠤᠨ ᠠᠭᠤᠯᠭ᠎ᠠ ᠵᠢ ᠳᠤᠳᠤᠷᠬᠠᠢ᠌ᠯᠠᠵᠤ᠂ ᠲᠠᠪᠤᠨ ᠲᠦᠷᠦᠯ᠎ᠤᠨ ᠠᠵᠢᠯ᠎ᠤᠨ ᠲᠣᠭᠲᠠᠴᠠ ᠪᠠᠢ᠌ᠭᠤᠯᠬᠤ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠪᠥᠬᠥ ᠣᠷᠣᠨ᠎ᠤ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠩᠬᠢ᠎ᠳᠤ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠪᠥᠬᠥ ᠬᠦᠴᠦᠨ ᠵᠶ᠋ᠡᠷ ᠵᠢᠡᠨ ᠠᠬᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠤᠨ ᠰᠠᠯᠠᠭ᠎ᠠ ᠮᠥᠴᠢᠷ ᠠᠯᠤᠰᠯᠠᠨ ᠬᠠᠮᠲᠤᠷᠠᠨ ᠪᠠᠢ᠌ᠭᠤᠯᠵᠤ ᠬᠠᠮᠲᠤᠷᠠᠨ ᠡᠭᠦᠳᠬᠦ ᠠᠵᠢᠯ᠎ᠤᠨ ᠲᠣᠭᠲᠠᠴᠠ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠦᠨ ᠳᠡᠬᠡᠭᠰᠢᠯᠡᠬᠦᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠤᠨ ᠳᠡᠰ ᠳᠡᠪᠰᠢᠭᠦᠯᠬᠦ ᠵᠠᠭᠪᠤᠷ᠎ᠢ ᠪᠦᠲᠦᠭᠡᠬᠦ ᠠᠷᠭ᠎ᠠ ᠵᠠᠮ ᠪᠠ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠰᠦᠪᠡᠭᠴᠢᠯᠡᠪᠡ᠃
      《ᠰᠠᠨᠠᠯ》᠎ᠨᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠢ ᠪᠠᠷᠢᠮᠳᠠᠯᠠᠵᠤ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠡᠩᠨᠡᠭᠡᠨ᠎ᠤ ᠣᠯᠠᠨ ᠲᠦᠮᠡᠨ᠎ᠳᠤ ᠦᠢ᠍ᠯᠡᠴᠢᠯᠡᠳᠡᠭ ᠠᠵᠢᠯ ᠮᠡᠷᠭᠡᠵᠢᠯ᠎ᠤᠨ ᠣᠨᠴᠠᠯᠢᠭ᠎ᠢ ᠬᠦᠢ᠍ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ  ᠠᠭᠤᠰᠤᠯᠴᠠᠭ᠎ᠠ ᠵᠢ ᠠᠬᠢᠭᠤᠯᠬᠤ ᠰᠢᠨ᠎ᠡ ᠠᠴᠢᠶᠠᠯᠠᠪᠤᠷᠢ᠂ ᠰᠢᠨ᠎ᠡ ᠲᠠᠪᠴᠠᠩ᠎ᠢ ᠢᠳᠡᠪᠬᠢᠲᠡᠢ ᠬᠠᠢ᠌ᠨ ᠰᠦᠪᠡᠭᠴᠢᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠵᠢ ᠠᠬᠢᠭᠤᠯᠪᠠ᠃
      《ᠰᠠᠨᠠᠯ》᠎ᠳᠤ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ  ᠣᠨ᠎ᠤ ᠠᠵᠢᠯ᠎ᠤᠨ ᠭᠣᠤᠯᠳᠠᠯᠭ᠎ᠠ᠎ᠳᠤ ᠤᠷᠤᠭᠤᠯᠬᠤ ᠬᠡᠷᠡᠭᠲᠡᠢ᠂ ᠵᠢᠯᠣᠭᠣᠳᠣᠭᠴᠢ ᠪᠠᠢ᠌ᠯᠳᠤᠭᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠲᠥᠯᠥᠪᠯᠡᠭᠡ᠎ᠳᠤ ᠣᠷᠤᠭᠤᠯᠬᠤ ᠬᠡᠷᠡᠭᠲᠡᠢ᠂ ᠪᠠᠲᠤ ᠴᠢᠩᠭ᠎ᠠ ᠪᠡᠬᠢᠯᠡᠯᠲᠡ᠎ᠲᠠᠢ ᠵᠢᠱ᠌ᠢᠶᠡᠴᠢ ᠨᠠᠮ᠎ᠤᠨ ᠡᠭᠦᠷ᠂ ᠤᠮᠠᠷᠠᠲᠤ ᠬᠢᠯᠢ ᠵᠢᠨ ᠵᠢᠱ᠌ᠢᠶᠡᠴᠢ ᠪᠠᠢ᠌ᠭᠤᠯᠭ᠎ᠠ ᠵᠢ ᠡᠭᠦᠳᠦᠨ ᠪᠠᠢ᠌ᠭᠤᠯᠬᠤ ᠠᠵᠢᠯ᠎ᠳᠤ ᠨᠠᠢ᠌ᠳᠠᠪᠤᠷᠢᠵᠢᠭᠤᠯᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ ᠵᠢ ᠴᠢᠬᠤᠯᠠ ᠶᠡᠬᠡ ᠡᠭᠦᠷᠭᠡ ᠪᠣᠯᠭ᠋ᠠᠵᠤ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠩᠬᠢ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ  ᠠᠭᠤᠰᠤᠯᠴᠠᠭ᠎ᠠ ᠵᠢ ᠠᠬᠢᠭᠤᠯᠬᠤ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠵᠢᠨ ᠲᠠᠮᠢᠷ᠎ᠤᠨ ᠡᠯ᠎ᠡ ᠲᠦᠷᠦᠯ᠎ᠤᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ᠎ᠤ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ ᠵᠢ ᠢᠮᠠᠭᠲᠠ ᠲᠤᠪᠤᠢ᠍ᠢ᠍ᠮ᠎ᠠ ᠪᠠᠢ᠌ᠷᠢᠨ᠎ᠳᠤ ᠲᠠᠯᠪᠢᠵᠤ᠂ ᠭᠠᠮᠰᠢᠭ᠎ᠠᠴᠠ ᠪᠤᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠵᠢ ᠪᠦᠲᠦᠮᠵᠢᠲᠡᠢ ᠰᠡᠷᠭᠡᠢ᠌ᠯᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠵᠤᠯ ᠵᠢᠷᠭ᠋ᠠᠯ᠎ᠢ ᠨᠡᠮᠡᠭᠳᠡᠭᠦᠯᠬᠦ ᠬᠡᠷᠡᠭᠲᠡᠢ᠃ ᠠᠵᠤ ᠠᠬᠤᠢ᠌ᠯᠠᠯ᠎ᠤᠨ ᠦᠢᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢᠨ 《ᠰᠢᠯᠢᠳᠡᠭ》 ᠣᠷᠴᠢᠨ ᠲᠣᠭᠣᠷᠢᠨ᠂ 《ᠬᠠᠯᠠᠭᠤᠮᠰᠤᠭ》 ᠦᠢᠯᠡᠴᠢᠯᠡᠭᠡ ᠵᠢ ᠳᠡᠭᠡᠭᠰᠢᠯᠡᠭᠦᠯᠬᠦ ᠵᠢ ᠴᠢᠩᠭ᠋ᠠᠳᠬᠠᠵᠤ᠂ ᠠᠮᠤᠷ ᠲᠦᠪᠰᠢᠨ ᠡᠶ᠎ᠡ ᠵᠣᠬᠢᠴᠠᠩᠭᠤᠶ ᠭᠠᠯ ᠰᠡᠷᠬᠡᠢ᠌ᠯᠡᠵᠦ ᠭᠠᠯ ᠤᠨᠲᠠᠷᠠᠭ᠋ᠠᠬᠤ ᠣᠷᠴᠢᠨ ᠲᠣᠭᠣᠷᠢᠨ᠎ᠢ ᠦᠷᠭᠦᠯᠵᠢᠯᠡᠨ ᠡᠭᠦᠳᠬᠦ ᠬᠡᠷᠡᠭᠲᠡᠶ᠃ 《ᠤᠮᠠᠷᠠᠲᠤ ᠬᠢᠯᠢ ᠵᠢᠨ ᠬᠥᠬᠡ ᠳᠥᠯᠥ》 ᠰᠠᠢ᠌ᠨ ᠲᠤᠷᠠᠴᠤᠤᠯ᠎ᠤᠨ ᠦᠢᠯᠡᠴᠢᠯᠡᠭᠡᠨ᠎ᠤ ᠨᠡᠷᠡᠲᠦ ᠳᠡᠮᠳᠡᠭ᠎ᠢ ᠠᠯᠳᠠᠷᠰᠢᠭᠤᠯᠵᠤ᠂ ᠰᠠᠢ᠌ᠨ ᠲᠤᠷᠠᠴᠤᠤᠯ᠎ᠤᠨ ᠦᠢᠯᠡᠴᠢᠯᠡᠭᠡᠨ᠎ᠤ ᠨᠡᠷᠡᠲᠦ ᠳᠡᠮᠳᠡᠭ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠭᠢᠳᠬᠡᠯᠳᠦ ᠮᠠᠶᠢᠭ᠎ᠤᠨ ᠬᠥᠭᠵᠢᠯᠲᠡ ᠵᠢᠨ ᠠᠵᠢᠯ᠎ᠳᠤ ᠠᠭᠤᠰᠤᠯᠴᠠᠬᠤ ᠵᠢ ᠠᠬᠢᠭᠤᠯᠬᠤ ᠬᠡᠷᠡᠭᠳᠡᠢ᠃ 《ᠦᠶ᠎ᠡ ᠦᠶ᠎ᠡ ᠵᠢᠨ ᠠᠨᠠᠷ᠎ᠤᠨ ᠦᠷ᠎ᠡ ᠰᠡᠳᠬᠢᠯ ᠵᠶ᠋ᠡᠨ ᠨᠢᠭᠡᠳᠬᠡᠨ ᠬᠦᠰᠡᠯ ᠵᠡᠭᠦᠳᠦ᠎ᠪᠠᠨ  ᠲᠡᠷᠭᠡᠯᠰᠢᠭᠦᠯᠦᠶ᠎ᠡ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠬᠠᠷᠢᠯᠴᠠᠨ ᠰᠢᠬᠢᠳᠬᠡᠯᠳᠦ ᠮᠠᠶᠢᠭ᠎ᠤᠨ ᠬᠥᠭᠵᠢᠯᠲᠡ ᠵᠢᠨ ᠨᠡᠢ᠌ᠭᠡᠮ᠎ᠤᠨ ᠪᠦᠲᠦᠴᠡ ᠪᠣᠯᠤᠨ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ ᠵᠡᠷᠭᠡ ᠵᠢ ᠪᠠᠢ᠌ᠭᠤᠯᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ 
      2021 ᠣᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ 《ᠬᠣᠯᠪᠤᠭ᠋ᠠᠯᠠᠨ ᠬᠠᠮᠲᠤᠷᠠᠯᠴᠠᠵᠤ᠂ ᠭᠦᠨᠵᠡᠭᠡᠢ᠌ᠷᠡᠭᠦᠯᠦᠨ ᠠᠬᠢᠭᠤᠯᠬᠤ》 ᠰᠠᠯᠠᠭ᠎ᠠ ᠮᠥᠴᠢᠷ ᠠᠯᠤᠰᠯᠠᠨ ᠬᠣᠯᠪᠣᠭ᠋ᠠᠯᠠᠨ ᠪᠠᠢ᠌ᠭᠤᠯᠵᠤ ᠬᠠᠮᠲᠤ᠎ᠪᠠᠷ ᠡᠭᠦᠳᠬᠦ ᠲᠣᠭᠲᠠᠴᠠ ᠵᠢ ᠢᠳᠡᠪᠬᠢᠲᠡᠶ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠠᠷᠠᠳ᠎ᠤᠨ ᠶᠠᠪᠤᠳᠠᠯ ᠵᠡᠷᠭᠡ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯᠯᠠᠬᠤ ᠲᠣᠭᠲᠠᠴᠠ ᠵᠢ ᠪᠠᠢ᠌ᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠡᠯ᠎ᠡ ᠠᠵᠢᠯ ᠲᠥᠷᠥᠯ ᠡᠯ᠎ᠡ ᠴᠠᠷᠠᠭ᠎ᠠ ᠬᠦᠷᠢᠶᠡᠨ᠎ᠳᠤ ᠭᠦᠨᠵᠡᠭᠡᠶ ᠥᠷᠨᠢᠭᠦᠯᠬᠦ ᠵᠢ ᠠᠬᠢᠭᠤᠯᠵᠤ᠂ ᠪᠥᠬᠥ ᠨᠡᠢ᠌ᠭᠡᠮ᠎ᠳᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠨᠳᠦᠰᠦᠲᠡᠨ᠎ᠤ ᠠᠵᠢᠯ᠎ᠢ ᠬᠠᠯᠠᠮᠵᠢᠯᠠᠬᠤ᠂ ᠦᠨᠳᠦᠰᠦᠲᠡᠨ᠎ᠤ ᠠᠵᠢᠯ᠎ᠢ ᠳᠡᠮᠵᠢᠬᠦ ᠭᠦᠨ ᠵᠤᠵᠠᠭ᠋ᠠᠨ ᠠᠬᠤᠢ ᠨᠥᠭᠥᠴᠡᠯ᠎ᠢ ᠪᠣᠶ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠥᠲᠥᠭᠡᠨ ᠪᠠᠢ᠌ᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃






        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

ᠢᠷᠡᠯᠲᠡ᠄ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ