ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ᠎ᠠᠴᠠ ᠵᠣᠬᠢᠶᠠᠨ ᠪᠠᠢ᠌ᠭᠤᠯᠵᠤ ᠥᠷᠨᠢᠭᠦᠯᠦᠭᠰᠡᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠶ᠎ᠠ — ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠯᠠᠭᠤ ᠨᠠᠰᠤᠨ᠎ᠳᠤ᠎ᠪᠠᠨ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨᠡᠮ》 ᠭᠡᠬᠦ ᠦᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠵᠠᠯᠠᠭᠤᠴᠤᠳ᠎ᠤᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠲᠡᠭᠦᠰ ᠠᠮᠵᠢᠯᠲᠠ᠎ᠲᠠᠢ ᠥᠨᠳᠥᠷᠯᠡᠪᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠤᠨ ᠵᠠᠯᠠᠭᠤ ᠨᠠᠮ᠎ᠤᠨ ᠭᠡᠰᠢᠭᠦᠨ ᠲᠢᠶᠠᠨ ᠮᠧᠶ ᠨᠥᠬᠥᠷ ᠲᠣᠰ ᠤᠳᠠᠭ᠋ᠠᠨ᠎ᠤ ᠠᠵᠢᠯᠯᠠᠭ᠎ᠠ᠎ᠳᠤ 《ᠰᠢᠯᠢᠳᠡᠭ ᠤᠬᠠᠭᠤᠯᠤᠨ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠢ ᠭᠥᠷᠳᠡᠪᠡ᠃
ᠠᠵᠢᠯᠯᠠᠭ᠎ᠠ᠎ᠳᠤ᠂ ᠲᠢᠶᠠᠨ ᠮᠧᠶ ᠨᠥᠬᠥᠷ 《ᠭᠠᠷ ᠵᠶ᠋ᠠᠨ ᠬᠥᠲᠥᠯᠦᠯᠴᠡᠨ ᠬᠠᠮᠲᠤ᠎ᠪᠠᠷ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠠᠲᠤ ᠪᠡᠬᠢ ᠰᠠᠭᠤᠷᠢ ᠵᠢ ᠪᠠᠲᠤᠳᠬᠠᠶ᠎ᠠ》 ᠭᠡᠬᠦ ᠰᠡᠳᠦᠪ ᠵᠶ᠋ᠡᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠣᠭᠤᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠥᠷᠥ ᠵᠢᠨ ᠪᠣᠳᠣᠯᠭ᠎ᠠ ᠣᠨᠣᠯ᠎ᠢ ᠰᠤᠷᠤᠯᠴᠠᠭᠰᠠᠨ ᠲᠥᠷᠥᠭᠳᠡᠯ ᠵᠶ᠋ᠡᠨ ᠤᠬᠠᠭᠤᠯᠤᠨ ᠲᠠᠢ᠌ᠯᠪᠤᠷᠢᠯᠠᠵᠤ᠂ ᠠᠮᠢᠳᠤᠯᠢᠭ ᠬᠡᠯᠡ ᠬᠡᠯᠡᠯᠭᠡ ᠪᠠ ᠦᠨᠡᠨᠴᠢ ᠰᠡᠳᠬᠢᠯᠭᠡ᠎ᠪᠠᠷ ᠵᠶ᠋ᠠᠨ ᠵᠠᠯᠠᠭᠤ ᠨᠠᠮ᠎ᠤᠨ ᠭᠡᠰᠢᠭᠦᠨ᠎ᠤ ᠰᠢᠨ᠎ᠡ ᠴᠠᠭ ᠦᠶ᠎ᠡ ᠵᠢᠨ ᠠᠬᠤᠢ ᠪᠠᠢ᠌ᠳᠠᠯ ᠳᠣᠣᠷᠠᠬᠢ ᠬᠠᠷᠢᠭᠤᠴᠠᠯᠭ᠎ᠠ ᠡᠭᠦᠷᠭᠡᠯᠡᠯ ᠪᠠ ᠲᠡᠮᠡᠴᠡᠯ᠎ᠤᠨ ᠵᠣᠷᠢᠭ ᠰᠠᠨᠠᠭ᠎ᠠ ᠵᠢ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠨᠡᠩ ᠢᠯᠡᠭᠦᠦ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠥᠲᠥᠯᠥᠨ ᠵᠢᠯᠤᠭᠤᠳᠴᠠᠢ᠃
ᠲᠤᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠵᠤ᠂ ᠵᠠᠯᠠᠭᠤ ᠨᠠᠮ᠎ᠤᠨ ᠭᠡᠰᠢᠭᠦᠨ᠎ᠤ ᠬᠠᠷᠢᠭᠤᠴᠠᠯᠭ᠋ᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠵᠢ ᠨᠡᠩ ᠬᠥᠭᠵᠢᠭᠡᠵᠦ᠂ ᠤᠯᠠᠨ ᠵᠶ᠋ᠠᠷ ᠵᠶ᠋ᠠᠨ 《ᠵᠢᠷᠭᠤᠭ᠋ᠠᠨ ᠥᠭᠦᠯᠡᠮᠵᠢ》 ᠵᠢᠨ ᠪᠣᠳᠠᠲᠤ ᠶᠠᠪᠤᠳᠠᠯ ᠪᠣᠯᠣᠨ ᠶᠣᠰᠣ ᠤᠴᠢᠷ᠎ᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ᠎ᠬᠢ ᠬᠠᠢ᠌ᠷ᠎ᠠ ᠬᠠᠯᠠᠮᠵᠢ ᠪᠣᠯᠣᠨ ᠬᠦᠰᠡᠯ ᠨᠠᠶ᠋ᠢᠳᠠᠯᠭ᠎ᠠ ᠵᠢ ᠭᠦᠨᠵᠡᠭᠡᠢ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠡᠯ᠎ᠡ ᠲᠥᠷᠥᠯ᠎ᠤᠨ ᠠᠵᠢᠯ᠎ᠤᠨ ᠡᠭᠦᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠨ᠎ᠠ ᠭᠡᠵᠡᠭᠡᠪᠡ᠃
ᠣᠷᠴᠢᠭᠤᠯᠤᠭᠴᠢ᠄ ᠣᠶᠤᠨᠲᠠᠨᠠ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ