ᠨᠠᠮᠤᠨ ᠰᠠᠬᠢᠯᠭᠠ ᠪᠠᠲᠤ ᠵᠢᠨ ᠰᠤᠷᠤᠯᠴᠠᠯᠭᠠ ᠬᠥᠮᠦᠵᠢᠯᠢ ᠯᠠᠪᠳᠠᠭᠤᠨ ᠪᠦᠲᠦᠮᠵᠢᠲᠡᠢ ᠥᠷᠨᠢᠭᠦᠯᠵᠦ᠂ 《ᠳᠤᠮᠳᠠᠳᠤ ᠤᠯᠤᠰᠤᠨ ᠡᠪ ᠬᠠᠮᠲᠤ ᠨᠠᠮᠤᠨ ᠰᠠᠬᠢᠯᠭᠠ ᠪᠠᠲᠤ ᠵᠢᠨ ᠰᠢᠢ᠍ᠳᠬᠡᠯ ᠥᠭᠬᠦ ᠲᠦᠷᠢᠮ》ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠤᠢ᠍ᠢ᠍ᠷᠠᠳᠤ ᠦᠨᠳᠦᠰᠦᠲᠡᠨᠤ ᠪᠦᠯᠬᠦᠮᠳᠡᠯᠢ ᠠᠬᠢᠭᠤᠯᠬᠤ ᠭᠠᠵᠠᠷᠤᠨ ᠨᠠᠮᠤᠨ ᠡᠭᠦᠷᠨᠢ ᠨᠠᠮᠤᠨ ᠰᠠᠬᠢᠯᠭᠠ ᠪᠠᠲᠤ ᠵᠢᠨ ᠰᠤᠷᠤᠯᠴᠠᠯᠭᠠ ᠬᠥᠮᠦᠵᠢᠯᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠦᠨᠳᠦᠰᠦᠲᠡᠨᠤ ᠪᠦᠯᠬᠦᠮᠳᠡᠯᠢ ᠠᠬᠢᠭᠤᠯᠬᠤ ᠭᠠᠵᠠᠷᠤᠨ ᠨᠠᠮᠤᠨ ᠡᠭᠦᠷᠤᠨ ᠪᠦᠬᠦ ᠨᠠᠮᠤᠨ ᠭᠡᠰᠢᠭᠦᠨ ᠬᠤᠷᠠᠯᠳᠤ ᠣᠷᠣᠯᠴᠠᠵᠠᠢ᠃ ᠦᠨᠳᠦᠰᠦᠲᠡᠨᠤ ᠪᠦᠯᠬᠦᠮᠳᠡᠯᠢ ᠠᠬᠢᠭᠤᠯᠬᠤ ᠭᠠᠵᠠᠷᠤᠨ ᠨᠠᠮᠤᠨ ᠡᠭᠦᠷᠤᠨ ᠱᠦᠵᠢ ᠯᠢ ᠿᠢ ᠱᠤ᠌ ᠬᠤᠷᠠᠯᠢ ᠡᠷᠬᠢᠯᠡᠪᠡ᠃
ᠬᠤᠷᠠᠯ ᠳᠡᠭᠡᠷᠡ 《ᠳᠤᠮᠳᠠᠳᠤ ᠤᠯᠤᠰᠤᠨ ᠡᠪ ᠬᠠᠮᠲᠤ ᠨᠠᠮᠤᠨ ᠰᠠᠬᠢᠯᠭᠠ ᠪᠠᠲᠤ ᠵᠢᠨ ᠰᠢᠢ᠍ᠳᠬᠡᠯ ᠥᠭᠬᠦ ᠲᠦᠷᠢᠮ》ᠢ ᠲᠦᠪᠯᠡᠷᠡᠩᠭᠦᠢ ᠰᠤᠷᠤᠯᠴᠠᠵᠤ᠂ ᠪᠦᠬᠦ ᠨᠠᠮᠤᠨ ᠭᠡᠰᠢᠭᠦᠨ 《ᠳᠤᠮᠳᠠᠳᠤ ᠤᠯᠤᠰᠤᠨ ᠡᠪ ᠬᠠᠮᠲᠤ ᠨᠠᠮᠤᠨ ᠰᠠᠬᠢᠯᠭᠠ ᠪᠠᠲᠤ ᠵᠢᠨ ᠰᠢᠳᠬᠡᠯ ᠥᠭᠬᠦ ᠲᠦᠷᠢᠮ》ᠤᠨ ᠲᠣᠭᠤᠷᠢᠨᠳᠤ ᠬᠣᠪᠢᠳᠠᠭᠰᠠᠨ ᠠᠵᠢᠯᠲᠠᠢᠪᠠᠨ ᠤᠶᠠᠯᠳᠤᠭᠤᠯᠵᠤ᠂ ᠲᠠᠨᠢᠯᠲᠠ᠂ ᠣᠶ᠋ᠢᠯᠠᠭ᠋ᠠᠯᠲᠠ᠂ ᠪᠤᠳᠤᠯ ᠵᠶ᠋ᠠᠨ ᠶᠠᠷᠢᠯᠴᠠᠪᠠ᠃
ᠬᠤᠷᠠᠯᠠᠴᠠ 《ᠳᠤᠮᠳᠠᠳᠤ ᠤᠯᠤᠰᠤᠨ ᠡᠪ ᠬᠠᠮᠲᠤ ᠨᠠᠮᠤᠨ ᠰᠠᠬᠢᠯᠭᠠ ᠪᠠᠲᠤ ᠵᠢᠨ ᠰᠢᠢ᠍ᠳᠬᠡᠯ ᠥᠭᠬᠦ ᠲᠦᠷᠢᠮ》ᠤᠨ ᠵᠣᠷᠢᠭ ᠰᠠᠨᠠᠭ᠋ᠠᠨᠤ ᠮᠥᠨ ᠴᠢᠨᠠᠷ ᠪᠠ ᠤᠢ᠌ᠯᠡᠳᠦᠯᠭᠡ ᠵᠢᠨ ᠱᠠᠭ᠋ᠠᠷᠳᠠᠯᠭᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ 《ᠳᠤᠮᠳᠠᠳᠤ ᠤᠯᠤᠰᠤᠨ ᠡᠪ ᠬᠠᠮᠲᠤ ᠨᠠᠮᠤᠨ ᠰᠠᠬᠢᠯᠭᠠ ᠪᠠᠲᠤ ᠵᠢᠨ ᠰᠢᠢ᠍ᠳᠬᠡᠯ ᠥᠭᠬᠦ ᠲᠦᠷᠢᠮ》ᠢ ᠰᠤᠷᠤᠯᠴᠠᠬᠤ ᠵᠢ ᠡᠳᠦᠷ ᠲᠤᠲᠤᠮᠤᠨ ᠠᠮᠢᠳᠤᠷᠠᠯᠳᠤ ᠠᠭᠤᠰᠬᠠᠵᠤ᠂ ᠪᠠᠶ᠋ᠢᠩᠭᠤ ᠠᠳᠬᠤᠵᠤ᠂ ᠰᠣᠷᠤᠯᠴᠠᠬᠤᠪᠠᠷ ᠳᠠᠮᠵᠢᠭᠤᠯᠵᠦ ᠬᠠᠷᠢᠴᠠᠯᠠᠰᠢᠭᠦᠶ ᠦᠨᠡᠨᠴᠢ ᠰᠢᠳᠤᠷᠭᠤ ᠤᠯᠤᠰ ᠲᠥᠷᠥ ᠵᠢᠨ ᠬᠡᠪ ᠰᠤᠷᠲᠠᠯᠢ ᠪᠣᠢ ᠪᠣᠯᠭ᠋ᠠᠵᠦ᠂ ᠰᠣᠷᠤᠯᠴᠠᠬᠤᠪᠠᠷ ᠳᠠᠮᠵᠢᠭᠤᠯᠵᠦ ᠲᠦᠷᠢᠮ ᠲᠣᠭᠲᠠᠭ᠋ᠠᠯᠢ ᠵᠢᠷᠤᠮᠯᠠᠨ ᠰᠠᠬᠢᠯᠭᠠ ᠪᠠᠲᠤ ᠵᠢ ᠰᠠᠬᠢᠬᠤ ᠥᠢ᠍ᠯᠡ ᠠᠵᠢᠯᠯᠠᠭ᠋ᠠᠨᠤ ᠤᠬᠠᠮᠰᠠᠷᠢ ᠪᠣᠢ ᠪᠣᠯᠭ᠋ᠠᠵᠦ᠂ ᠰᠤᠷᠤᠯᠴᠠᠬᠤᠪᠠᠷ ᠳᠠᠮᠵᠢᠭᠤᠯᠵᠦ ᠬᠠᠷᠢᠭᠤᠴᠠᠯᠭᠠ ᠵᠢ ᠪᠠᠲᠤ ᠡᠭᠦᠷᠭᠡᠯᠡᠬᠦ ᠪᠣᠳᠠᠲᠠᠶ ᠠᠵᠢᠯᠯᠠᠬᠤ ᠡᠭᠦᠷᠭᠡᠯᠡᠯᠢ ᠪᠤᠢ ᠪᠤᠯᠭ᠋ᠠᠵᠦ᠂ ᠰᠠᠬᠢᠯᠭᠠ ᠪᠠᠲᠤ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮᠴᠢ ᠴᠢᠨᠠᠷᠤᠨ ᠪᠣᠯᠪᠠᠰᠤᠷᠠᠯ ᠵᠶ᠋ᠠᠨ ᠳᠡᠭᠡᠭᠰᠢᠯᠡᠭᠦᠯᠵᠦ᠂ 《ᠰᠠᠬᠢᠯᠭᠠ ᠪᠠᠲᠤ ᠵᠢ ᠰᠤᠷᠤᠯᠴᠠᠬᠤ᠂ ᠰᠠᠬᠢᠯᠭᠠ ᠪᠠᠲᠤ ᠵᠢ ᠮᠡᠳᠡᠬᠦ᠂ ᠰᠠᠬᠢᠯᠭᠠ ᠪᠠᠲᠤ ᠵᠢ ᠤᠢ᠌ᠯᠠᠭ᠋ᠠᠬᠤ᠂ ᠰᠠᠬᠢᠯᠭᠠ ᠪᠠᠲᠤ ᠵᠢ ᠰᠠᠬᠢᠬᠤ》 ᠬᠡᠪ ᠳᠠᠭᠤᠷᠢᠶᠠᠯ ᠪᠣᠯᠬᠤᠪᠠᠷ ᠴᠢᠷᠮᠠᠶ᠋ᠢᠵᠤ᠂ ᠰᠤᠷᠲᠠᠯ ᠴᠢᠬᠡᠴᠢ ᠣᠪᠣᠷ ᠲᠥᠪ᠂ ᠥᠭᠡᠳᠡᠯᠡᠨ ᠳᠠᠪᠰᠢᠵᠦ ᠮᠤᠷᠠᠯ ᠰᠤᠷᠲᠠᠯᠢ ᠡᠷᠬᠢᠮᠯᠡᠵᠦ᠂ ᠠᠵᠢᠯ ᠬᠢᠵᠦ ᠥᠢ᠍ᠯᠡᠰ ᠴᠣᠭᠴᠠᠯᠠᠬᠤ ᠰᠠᠶ᠋ᠢᠨ ᠰᠠᠶ᠋ᠢᠬᠠᠨ ᠤᠯᠤᠰ ᠲᠥᠷᠥ ᠵᠢᠨ ᠠᠮᠢ ᠠᠬᠤᠶ ᠵᠢ ᠴᠢᠷᠮᠠᠶ᠋ᠢᠨ ᠪᠣᠶ ᠪᠣᠯᠭ᠋ᠠᠵᠤ᠂ ᠨᠠᠮᠤᠨ ᠰᠠᠬᠢᠯᠭᠠ ᠪᠠᠲᠤ ᠵᠢᠨ ᠰᠤᠷᠤᠯᠴᠠᠯᠭᠠ ᠬᠥᠮᠦᠵᠢᠯᠤᠨ ᠦᠷᠡ ᠪᠦᠲᠦᠮᠵᠢ ᠵᠢ ᠦᠨᠳᠦᠰᠦᠲᠡᠨᠤ ᠪᠦᠯᠬᠦᠮᠳᠡᠯ ᠳᠠᠪᠰᠢᠯᠲᠠ ᠵᠢᠨ ᠠᠵᠢᠯᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠨᠡᠢ᠌ᠯᠡᠮᠡᠯ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃
ᠬᠢᠨᠠᠨ ᠣᠷᠴᠢᠭᠤᠯᠤᠭᠴᠢ᠄ ᠠᠳᠢᠶᠠ ᠰᠠᠴᠤᠷᠠᠯ
ᠶᠡᠷᠤᠩᠬᠡᠢ ᠬᠢᠨᠠᠨ ᠣᠷᠴᠢᠭᠤᠯᠤᠭᠴᠢ᠄ ᠸᠠᠩ ᠰᠢᠤᠸᠠᠢ ᠳ᠋ᠦᠩ