ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
2024 ᠣᠨ᠎ᠳᠤ ᠥᠪᠥᠷ ᠮᠣᠩᠭᠣᠯ᠎ᠠᠴᠠ 7.22 ᠳ᠋ᠦᠩᠰᠢᠭᠤᠷ ᠲᠥᠭᠥᠷᠢᠭ᠎ᠤᠨ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ ᠪᠠᠭᠤᠯᠭ᠋ᠠᠪᠠ
ᠨᠡᠶ᠋ᠢᠲᠡᠯᠡᠭᠰᠡᠨ ᠴᠠᠭ᠄ 2024-05-30

      2024 ᠣᠨ᠎ᠳᠤ᠂ ᠥᠪᠥᠷ ᠮᠣᠩᠭᠣᠯ᠎ᠠᠴᠠ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ ᠵᠢ ᠨᠡᠶ᠋ᠢᠲᠡ 7.22 ᠳ᠋ᠦᠩᠰᠢᠭᠤᠷ ᠲᠥᠭᠥᠷᠢᠭ ᠪᠠᠭᠤᠯᠭ᠋ᠠᠪᠠ᠂ ᠡᠭᠦᠨ᠎ᠳᠤ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ 15 ᠬᠣᠰᠢᠭᠤ ᠰᠢᠶᠠᠨ᠎ᠳᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ ᠵᠢ 1.31 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠪᠡᠯᠡ ᠮᠥᠩᠭᠥ ᠵᠢᠨ ᠶᠡᠷᠦᠩᠬᠡᠢ ᠲᠣᠭ᠋ᠠᠨ᠎ᠤ 18.14% ᠵᠢ ᠡᠵᠡᠯᠡᠪᠡ᠃ 20 ᠬᠢᠯᠢ ᠬᠢᠵᠠᠭ᠋ᠠᠷ᠎ᠤᠨ ᠬᠣᠰᠢᠭᠤ ᠬᠣᠲᠠ ᠲᠣᠭᠣᠷᠢᠭ᠎ᠲᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ ᠵᠢ 2.68 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠪᠡᠯᠡ ᠮᠥᠩᠭᠥ ᠵᠢᠨ ᠶᠡᠷᠦᠩᠬᠡᠢ ᠲᠣᠭ᠋ᠠᠨ᠎ᠤ 37.12%᠎ᠢ ᠡᠵᠡᠯᠡᠪᠡ᠃ 
      ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠣᠨ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠣᠣᠯ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠬᠥᠮᠥᠰ᠎ᠤᠨ ᠰᠡᠳᠬᠢᠯ᠎ᠢ ᠨᠢᠭᠲᠠᠷᠠᠭᠤᠯᠬᠤ᠎ᠪᠠᠷ ᠢᠮᠠᠭᠲᠠ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢᠨ ᠵᠤᠷᠢᠯᠳᠠ ᠪᠠ ᠲᠤᠰᠤᠯᠳᠠ ᠪᠣᠯᠭ᠋ᠠᠵᠤ᠂ ᠬᠥᠭᠵᠢᠯᠲᠡ ᠵᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠡᠷᠬᠡ ᠲᠡᠭᠰᠢ᠎ᠪᠠᠷ ᠬᠦᠷᠲᠡᠭᠡᠬᠦ ᠵᠢ ᠠᠬᠢᠭᠤᠯᠪᠠ᠃ ᠪᠡᠯᠡ ᠮᠥᠩᠭᠥ ᠵᠢ ᠭᠣᠣᠯᠳᠠᠭᠤ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ᠂ ᠣᠷᠣᠰᠢᠨ ᠠᠮᠢᠳᠤᠷᠠᠵᠤ ᠦᠢ᠍ᠯᠡᠰ ᠪᠣᠰᠬᠠᠬᠤ᠎ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠭᠠᠷ ᠦᠢ᠍ᠯᠡᠳᠪᠦᠷᠢ ᠵᠢᠨ ᠰᠢᠨ᠎ᠡ ᠵᠢ ᠡᠬᠦᠳᠦᠨ ᠬᠦᠭᠵᠢᠭᠦᠯᠬᠦ᠎ᠲᠠᠢ ᠠᠭᠤᠰᠤᠯᠴᠠᠬᠤ᠂ ᠬᠦᠴᠢᠷᠳᠡᠯᠲᠡᠢ ᠤᠯᠠᠨ ᠲᠦᠮᠡᠨ᠎ᠳᠤ ᠬᠢᠯᠢ ᠬᠢᠵᠠᠭ᠋ᠠᠷ ᠣᠷᠤᠨ᠎ᠳᠤ ᠪᠣᠷᠣᠯᠠᠭᠤᠯᠬᠤ ᠳᠣᠣᠷ᠎ᠠ ᠹᠯᠤᠷᠲᠤ ᠴᠠᠢ ᠵᠢ ᠳᠡᠯᠭᠡᠷᠡᠭᠦᠯᠬᠦ ᠵᠡᠷᠭᠡ ᠡᠭᠦᠷᠭᠡ ᠵᠢ ᠳᠡᠮᠵᠢᠬᠦ᠎ᠳᠤ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠪᠠᠲᠤ ᠪᠡᠬᠢ ᠪᠣᠳᠠᠰ᠎ᠤᠨ ᠪᠠ ᠤᠶᠤᠨ ᠰᠠᠨᠠᠭ᠋ᠠᠨ᠎ᠤ ᠰᠠᠭᠤᠷᠢ ᠵᠢ ᠲᠠᠯᠪᠢᠵᠠᠢ᠃





        ᠣᠷᠴᠢᠭᠤᠯᠤᠭᠴᠢ᠄ ᠤᠷᠢᠬᠠᠨ
        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠬᠠᠮᠲᠤ᠎ᠪᠠᠷ ᠬᠦᠭᠵᠢᠭᠦᠯᠬᠦ ᠭᠠᠵᠠᠷ