ᠡᠩᠨᠡᠭᠡᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠡᠶ᠎ᠡ ᠰᠡᠳᠬᠢᠯ ᠵᠶ᠋ᠠᠨ ᠲᠠᠢ᠌ᠪᠤᠰᠢᠷᠠᠭᠤᠯᠵᠤ᠂ ᠦᠵᠡᠯ ᠰᠡᠳᠬᠢᠯᠭᠡ᠎ᠪᠠᠨ ᠪᠣᠯᠪᠠᠰᠤᠷᠠᠭᠤᠯᠵᠤ᠂ ᠪᠦᠬᠦ ᠬᠣᠷᠢᠶᠠᠨ᠎ᠤ ᠺᠠᠳ᠋ᠷ ᠠᠵᠢᠯᠳᠠᠨ ᠠᠵᠢᠯᠴᠢᠨ᠎ᠤ ᠨᠢᠭᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ ᠨᠡᠮᠡᠭᠳᠡᠭᠦᠯᠬᠦ ᠵᠢᠨ ᠲᠥᠯᠥᠭᠡ᠂ ᠣᠶ᠋ᠢᠷ᠎ᠠ᠎ᠳᠤ᠂ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠬᠥᠬᠡᠬᠣᠲᠠ ᠵᠢᠨ ᠳᠠᠯᠠᠨ ᠬᠠᠷ᠎ᠠ ᠠᠭᠤᠯᠠ ᠵᠢᠨ ᠤᠯᠤᠰ᠎ᠤᠨ ᠠᠭᠤᠯᠠ ᠠᠪᠠᠷᠢᠬᠤ ᠵᠠᠮ ᠵᠶ᠋ᠠᠷ ᠠᠶᠠᠯᠠᠵᠤ᠂ ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠎ᠲᠠᠢ ᠤᠶᠠᠯᠳᠤᠭᠤᠯᠤᠨ 《ᠭᠤᠷᠪᠠᠨ ᠲᠤᠭ᠎ᠲᠠᠢ ᠠᠶᠠᠯᠠᠯ ᠬᠢᠵᠦ᠂ ᠰᠡᠳᠬᠢᠯ ᠨᠢᠭᠡᠲᠡᠢ ᠬᠦᠴᠦ᠎ᠪᠠᠨ ᠬᠠᠮᠲᠤᠳᠬᠠᠵᠤ ᠤᠷᠤᠭᠰᠢᠯᠠᠨᠠᠮ》 ᠭᠡᠬᠦ ᠭᠣᠤᠯ ᠰᠡᠳᠦᠪᠲᠦ ᠪᠦᠯᠬᠦᠮ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠥᠷᠨᠢᠭᠦᠯᠪᠡ᠃
ᠭᠤᠷᠪᠠᠨ ᠲᠤᠭ᠎ᠲᠠᠢ ᠠᠶᠠᠯᠠᠯ ᠬᠢᠵᠦ᠂ ᠰᠡᠳᠬᠢᠯ ᠨᠢᠭᠡᠲᠡᠢ ᠬᠦᠴᠦ᠎ᠪᠠᠨ ᠬᠠᠮᠲᠤᠳᠬᠠᠵᠤ ᠤᠷᠤᠭᠰᠢᠯᠠᠬᠤ ᠪᠦᠯᠬᠦᠮ᠎ᠤᠨ ᠪᠠᠶ᠋ᠢᠭᠤᠯᠤᠯᠲᠠ ᠵᠢᠨ ᠠᠵᠢᠯᠯᠠᠭ᠎ᠠ ᠵᠢᠨ ᠲᠤᠬᠠᠶ ᠵᠢᠨ ᠲᠠᠯᠠᠪᠠᠶ
ᠤᠯᠠᠨ ᠵᠶ᠋ᠠᠷ ᠵᠶ᠋ᠠᠨ ᠰᠠᠢ᠍ᠢ᠍ᠨ ᠳᠤᠷ᠎ᠠ᠎ᠠᠴᠠ᠎ᠪᠠᠨ ᠳᠤᠭᠤᠶ᠋ᠢᠯᠠᠩ ᠪᠠᠶ᠋ᠢᠭᠤᠯᠬᠤ ᠵᠠᠷᠴᠢᠮ᠎ᠢ ᠦᠨᠳᠦᠰᠦᠯᠡᠨ ᠭᠤᠷᠪᠠᠨ ᠪᠠᠭ᠎ᠠ ᠳᠤᠭᠤᠢ᠌ᠯᠠᠩ ᠬᠤᠪᠢᠶᠠᠵᠤ᠂ ᠳᠤᠭᠤᠢ᠌ᠯᠠᠩ᠎ᠤᠨ ᠳᠠᠷᠤᠭ᠎ᠠ ᠰᠣᠩᠭᠣᠨ ᠭᠠᠷᠭ᠋ᠠᠵᠤ᠂ ᠳᠤᠭᠤᠢ᠌ᠯᠠᠩ᠎ᠤᠨ ᠨᠡᠷ᠎ᠡ᠂ ᠳᠤᠭᠤᠢ᠌ᠯᠠᠩ᠎ᠤᠨ ᠰᠦᠯᠳᠡ ᠪᠠ ᠤᠷᠢᠶ᠎ᠠ ᠵᠢ ᠲᠣᠭᠲᠠᠭ᠋ᠠᠵᠤ᠂ 《ᠠᠭᠤᠯᠠ ᠠᠪᠠᠷᠢᠵᠤ ᠬᠡᠭᠡᠷ᠎ᠡ᠎ᠪᠠᠷ ᠶᠠᠪᠤᠬᠤ》᠂ 《ᠲᠦᠷᠦ ᠵᠢᠨ ᠪᠤᠳᠤᠯᠭ᠎ᠠ ᠵᠢ ᠤᠬᠠᠭᠤᠯᠬᠤ》᠂ 《ᠲᠠᠷᠢᠬᠢ ᠲᠣᠯᠤᠭ᠋ᠠᠢ᠎ᠪᠠᠨ ᠴᠡᠪᠡᠷᠰᠢᠭᠦᠯᠬᠦ》 ᠭᠤᠷᠪᠠᠨ ᠲᠥᠷᠥᠯ᠎ᠤᠨ ᠥᠷᠭᠡᠳᠬᠡᠬᠦ ᠡᠭᠦᠷᠭᠡ ᠵᠢ ᠬᠠᠮᠲᠤ᠎ᠪᠠᠷ ᠪᠡᠶᠡᠯᠡᠭᠦᠯᠵᠡᠶ᠃
ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠪᠣᠳᠠᠰ᠎ᠢ ᠣᠯᠠᠨ ᠲᠦᠮᠡᠨ᠎ᠳᠤ ᠳᠡᠯᠭᠡᠨ ᠦᠵᠡᠭᠦᠯᠵᠦ ᠲᠠᠷᠬᠠᠭ᠋ᠠᠵᠤ ᠪᠠᠢ᠌ᠭ᠎ᠠ᠎ᠨᠢ
ᠲᠤᠰ ᠤᠳᠠᠭ᠋ᠠᠨ᠎ᠤ ᠪᠦᠯᠬᠦᠮ᠎ᠤᠨ ᠪᠠᠶ᠋ᠢᠭᠤᠯᠤᠯᠲᠠ ᠵᠢᠨ ᠠᠵᠢᠯᠯᠠᠭ᠎ᠠ᠎ᠨᠢ ᠺᠠᠳ᠋ᠷ ᠠᠵᠢᠯᠳᠠᠨ ᠠᠵᠢᠯᠴᠢᠨ᠎ᠤ ᠬᠠᠷᠢᠯᠴᠠᠨ ᠰᠣᠯᠢᠯᠴᠠᠬᠤ᠂ ᠬᠠᠶ᠋ᠢᠷ᠎ᠠ ᠰᠡᠳᠬᠢᠯᠭᠡ᠎ᠪᠠᠨ ᠵᠤᠵᠠᠭ᠋ᠠᠳᠬᠠᠬᠤ᠎ᠳᠤ ᠰᠠᠢ᠍ᠢ᠍ᠨ ᠲᠠᠪᠴᠠᠩ ᠪᠣᠯᠵᠤ᠂ ᠤᠯᠠᠨ᠎ᠤ ᠪᠠᠴᠢᠮ ᠶᠠᠭ᠋ᠠᠷᠠᠯᠲᠠᠢ ᠠᠵᠢᠯ᠎ᠤᠨ ᠴᠢᠯᠥᠭᠡᠨ᠎ᠤ ᠰᠣᠯᠢᠯᠴᠠᠭ᠎ᠠ ᠵᠢ ᠭᠦᠨᠵᠡᠭᠡᠶ᠋ᠢᠷᠡᠭᠦᠯᠵᠦ᠂ ᠪᠠᠶᠠᠷ ᠪᠠᠶᠠᠰᠤᠯ᠎ᠢ ᠡᠳ᠋ᠯᠡᠭᠦᠯᠵᠦ᠂ ᠬᠠᠮᠲᠤ ᠨᠡᠶ᠋ᠢᠲᠡ᠎ᠳᠤ ᠬᠠᠷᠢᠶᠠᠯᠠᠭᠳᠠᠬᠤ ᠰᠡᠳᠬᠢᠯᠭᠡ ᠵᠢ᠎ᠨᠢ ᠨᠡᠮᠡᠭᠳᠡᠭᠦᠯᠦᠭᠰᠡᠨ ᠪᠥᠭᠡᠳ ᠰᠡᠳᠬᠦᠯ᠎ᠤᠨ ᠬᠣᠷᠢᠶ᠎ᠠ ᠵᠢᠨ 《ᠦᠨᠳᠦᠰᠦᠨ ᠱᠠᠲᠤᠨ᠎ᠳᠤ ᠦᠨᠳᠦᠰᠦᠯᠡᠵᠦ᠂ ᠦᠨᠳᠦᠰᠦᠨ ᠱᠠᠲᠤᠨ᠎ᠳᠤ ᠦᠢ᠍ᠯᠡᠴᠢᠯᠡᠬᠦ》 ᠪᠠᠭᠪᠠᠭ᠋ᠠᠶ ᠴᠡᠴᠡᠭ᠎ᠤᠨ ᠵᠣᠷᠢᠭ ᠰᠠᠨᠠᠭ᠎ᠠ ᠵᠢ ᠢᠯᠡᠷᠡᠭᠦᠯᠵᠡᠢ᠃ ᠠᠵᠢᠯᠯᠠᠭ᠎ᠠ᠎ᠳᠤ ᠣᠷᠣᠯᠴᠠᠭᠰᠠᠨ ᠨᠥᠬᠥᠳ᠂ ᠪᠦᠯᠬᠦᠮ ᠨᠡᠶ᠋ᠢᠲᠡ ᠵᠢᠨ ᠬᠠᠮᠲᠤᠷᠠᠯᠴᠠᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠦᠯᠬᠦᠮ ᠨᠡᠶ᠋ᠢᠲᠡ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠨᠡᠩ ᠢᠳᠡᠪᠬᠢᠲᠡᠢ ᠣᠪᠣᠷ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠬᠣᠶ᠋ᠢᠰᠢᠳᠠ ᠵᠢᠨ ᠠᠵᠢᠯ᠎ᠳᠤ᠎ᠪᠠᠨ ᠣᠷᠣᠯᠴᠠᠨ᠎ᠠ ᠭᠡᠵᠦ ᠢᠯᠡᠳᠬᠡᠵᠡᠭᠡᠪᠡ᠃
ᠣᠷᠴᠢᠭᠤᠯᠤᠭᠴᠢ᠄ ᠤᠶᠤᠨᠲᠠᠨ᠎ᠠ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ