《ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ》 ᠵᠢ ᠬᠡᠷᠡᠭᠵᠢᠭᠦᠯᠬᠦ ᠪᠣᠯ ᠰᠢᠨ᠎ᠡ ᠴᠠᠭ ᠦᠶ᠎ᠡ᠎ᠳᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠦ᠂ ᠵᠠᠯᠠᠭᠤᠴᠤᠳ ᠪᠠᠭ᠋ᠠᠴᠤᠳ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ ᠰᠠᠭᠤᠷᠢ ᠢᠨᠵᠧᠨᠧᠷᠢᠩ ᠪᠣᠯᠣᠨ᠎ᠠ᠃ ᠲᠥᠯᠥᠪᠯᠡᠭᠡ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠤᠨ ᠲᠤᠭᠤᠷᠢᠨ᠎ᠳᠤ ᠠᠯᠢ ᠣᠯᠠᠨ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠮᠠᠰᠢ ᠰᠠᠢ᠌ᠨ ᠠᠵᠢᠯ᠎ᠤᠨ ᠦᠷ᠎ᠡ ᠪᠦᠲᠦᠮᠵᠢ ᠣᠯᠣᠭᠰᠠᠨ ᠪᠠᠢ᠌ᠨ᠎ᠠ᠃ 2024 ᠣᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢ ᠨᠠᠩ ᠪᠦᠲᠦᠮᠵᠢᠲᠡᠶ ᠥᠷᠨᠢᠭᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠵᠠᠯᠠᠭᠤᠴᠤᠳ᠎ᠤᠨ ᠡᠪᠯᠡᠯ᠎ᠤᠨ ᠬᠣᠷᠢᠶ᠎ᠠ ᠬᠠᠮᠲᠤᠷᠠᠨ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠬᠦ ᠭᠣᠣᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ ᠵᠢ ᠳᠠᠷᠤᠮᠠᠯᠯᠠᠨ ᠲᠠᠷᠬᠠᠭ᠋ᠠᠵᠤ᠂ ᠡᠯ᠎ᠡ ᠠᠢ᠌ᠮᠠᠭ ᠬᠣᠲᠠ ᠵᠢᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢᠨ ᠠᠵᠢᠯ᠎ᠢ ᠰᠠᠢ᠌ᠲᠤᠷ ᠥᠷᠨᠢᠭᠦᠯᠬᠦ ᠲᠤᠬᠠᠢ ᠡᠭᠦᠷᠭᠡ ᠪᠠᠢ᠌ᠷᠢᠯᠠᠭᠤᠯᠵᠦ᠂ ᠱᠠᠭ᠋ᠠᠷᠳᠠᠯᠭ᠎ᠠ ᠳᠤᠷᠠᠳᠪᠠ᠃
2024 ᠣᠨ᠎ᠤ ᠠᠵᠢᠯ᠎ᠤᠨ ᠲᠣᠬᠢᠷᠠᠭᠤᠯᠤᠯᠲᠠ᠎ᠨᠢ ᠭᠤᠤᠯᠳᠠᠯᠭ᠎ᠠ᠎ᠲᠠᠢ᠎ᠪᠠᠷ ᠵᠤᠬᠢᠴᠠᠭᠤᠯᠵᠦ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ᠂ ᠠᠢ᠌ᠮᠠᠭ ᠬᠣᠲᠠ ᠵᠢᠨ ᠬᠣᠭᠣᠷᠣᠨᠳᠣᠬᠢ ᠭᠠᠵᠠᠷ ᠤᠷᠤᠨ᠎ᠳᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢᠴᠢ ᠮᠤᠵᠢ ᠣᠷᠣᠨ (ᠬᠣᠲᠠ) ᠠᠯᠤᠰᠯᠠᠭᠰᠠᠨ ᠭᠠᠵᠠᠷ ᠤᠷᠤᠨ᠎ᠳᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠬᠦ᠂ ᠣᠷᠣᠯᠴᠠᠬᠤ ᠬᠦᠷᠢᠶ᠎ᠡ ᠬᠡᠪᠴᠢᠶ᠎ᠡ ᠵᠢ ᠥᠷᠭᠡᠳᠬᠡᠬᠦ᠂ ᠠᠭᠤᠯᠭ᠎ᠠ ᠬᠡᠯᠪᠡᠷᠢ ᠵᠢ ᠪᠠᠶᠠᠯᠢᠭᠵᠢᠭᠤᠯᠬᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠰᠠᠢ᠌ᠲᠤᠷ ᠬᠢᠬᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠪᠤᠳᠠᠲᠠᠢ ᠲᠥᠷᠥᠭᠳᠡᠯ᠎ᠲᠠᠢ ᠪᠦᠳᠦᠮᠵᠢ᠎ᠲᠠᠢ ᠪᠠᠢ᠌ᠯᠭ᠋ᠠᠬᠤ ᠵᠢ ᠪᠠᠲᠤᠯᠠᠬᠤ ᠵᠡᠷᠭᠡ ᠲᠠᠯ᠎ᠠ᠎ᠪᠠᠷ ᠨᠠᠷᠢᠨ ᠪᠠᠢ᠌ᠷᠢᠯᠠᠭᠤᠯᠤᠯᠲᠠ ᠬᠢᠪᠡ᠃ ᠭᠣᠣᠯ ᠰᠡᠳᠦᠪᠲᠦ ᠤᠬᠠᠭ᠋ᠠᠯᠠᠭ᠎ᠠ ᠵᠢᠨ ᠲᠠᠯ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠪᠦᠬᠦᠢ ᠯᠡ ᠲᠥᠯᠥᠪᠯᠡᠭᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠬᠤ ᠵᠢ ᠱᠠᠭ᠋ᠠᠷᠳᠠᠨ᠎ᠠ᠃ ᠥᠷᠨᠢᠭᠦᠯᠬᠦ ᠬᠡᠯᠪᠡᠷᠢ ᠵᠢᠨ ᠲᠠᠯ᠎ᠠ᠎ᠪᠠᠷ ᠠᠬᠤᠢ ᠲᠠᠯᠠᠪᠠᠶ ᠵᠢᠨ ᠬᠡᠯᠪᠡᠷᠢ᠂ ᠬᠠᠷᠢᠯᠴᠠᠨ ᠦᠢ᠍ᠯᠡᠳᠦᠯᠴᠡᠬᠦ ᠬᠡᠯᠪᠡᠷᠢ᠂ ᠪᠡᠶᠡᠴᠢᠯᠡᠨ ᠣᠢ᠌ᠯᠠᠭ᠋ᠠᠬᠤ ᠬᠡᠯᠪᠡᠷᠢ᠂ ᠭᠦᠨᠵᠡᠭᠡᠢ᠌ᠷᠡᠨ ᠤᠢ᠌ᠯᠠᠭ᠋ᠠᠬᠤ ᠬᠡᠯᠪᠡᠷᠢ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠠᠰᠢᠭᠯᠠᠨ ᠥᠷᠨᠢᠭᠦᠯᠬᠦ ᠵᠢ ᠱᠠᠭ᠋ᠠᠷᠳᠠᠨ᠎ᠠ᠃ ᠡᠭᠦᠨ᠎ᠤ ᠬᠠᠮᠲᠤ᠂ ᠵᠤᠰᠠᠯᠠᠩ᠂ ᠡᠪᠦᠯᠵᠢᠶᠡᠨᠤ ᠠᠵᠢᠯᠯᠠᠭ᠎ᠠ ᠵᠢᠨ ᠰᠠᠭᠤᠷᠢᠨ ᠳᠡᠭᠡᠷ᠎ᠡ᠂ ᠰᠦᠯᠵᠢᠶᠡᠨ ᠳᠡᠭᠡᠷᠡᠬᠢ ᠰᠣᠯᠢᠯᠴᠠᠭ᠋ᠠᠨ᠎ᠤ ᠠᠵᠢᠯᠯᠠᠭ᠎ᠠ ᠵᠢ ᠰᠦᠪᠡᠭᠴᠢᠯᠡᠨ ᠥᠷᠨᠢᠭᠦᠯᠵᠦ᠂ ᠠᠵᠢᠯᠯᠠᠭ᠎ᠠ ᠵᠢᠨ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠨ᠎ᠡ᠃ ᠪᠠᠷᠢᠮᠵᠢᠶ᠎ᠠ ᠲᠦᠷᠢᠮᠵᠢᠯ᠎ᠤᠨ ᠲᠠᠯ᠎ᠠ᠎ᠪᠠᠷ ᠠᠵᠢᠯᠯᠠᠭ᠎ᠠ ᠵᠢᠨ ᠵᠢᠷᠤᠭ ᠲᠥᠯᠥᠪᠯᠡᠭᠡ ᠵᠢ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠨᠠᠰᠤᠨ᠎ᠤ ᠵᠠᠯᠠᠭᠤᠴᠤᠳ ᠪᠠᠭ᠋ᠠᠴᠤᠳ᠎ᠤᠨ ᠣᠨᠴᠠᠯᠢᠭ ᠪᠠ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠬᠦᠯᠬᠦ ᠵᠢ ᠱᠠᠭ᠋ᠠᠷᠳᠠᠨ᠎ᠠ᠃ ᠦᠨᠡᠯᠡᠬᠦ ᠪᠠᠷᠢᠮᠵᠢᠶ᠎ᠠ ᠵᠢᠨ ᠲᠠᠯ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠭᠰᠠᠨ ᠡᠰᠡᠬᠦ᠂ ᠪᠣᠳᠠᠲᠤ ᠦᠷ᠎ᠡ ᠪᠦᠲᠦᠮᠵᠢ ᠣᠯᠣᠭᠰᠠᠨ ᠡᠰᠡᠬᠦ᠎ᠪᠠᠷ ᠠᠵᠢᠯ᠎ᠤᠨ ᠦᠷ᠎ᠡ ᠪᠦᠲᠦᠮᠵᠢ ᠵᠢ ᠬᠡᠮᠵᠢᠬᠦ ᠴᠢᠬᠤᠯᠠ ᠪᠠᠷᠢᠮᠵᠢᠶ᠎ᠠ ᠪᠣᠯᠭ᠋ᠠᠨ᠎ᠠ᠃
ᠣᠷᠴᠢᠭᠤᠯᠤᠭᠴᠢ᠄ ᠤᠷᠢᠬᠠᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ