ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠬᠠᠢ᠌ᠯᠠᠷ ᠲᠣᠭᠣᠷᠢᠭ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠰᠬᠠᠶ ᠲᠣᠭᠯᠠᠯᠲᠠ ᠡᠷᠬᠢᠯᠡᠪᠡ
ᠨᠡᠶ᠋ᠢᠲᠡᠯᠡᠭᠰᠡᠨ ᠴᠠᠭ᠄ 2024-06-26

      6 ᠳ᠋ᠤᠭ᠋ᠠᠷ ᠰᠠᠷ᠎ᠠ ᠵᠢᠨ 19᠎ᠤ ᠡᠳᠦᠷ᠂ ᠬᠠᠢ᠌ᠯᠠᠷ ᠲᠣᠭᠣᠷᠢᠭ᠎ᠤᠨ 《ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠡᠶ᠎ᠡ ᠵᠣᠬᠢᠴᠠᠩᠭᠤᠶ᠎ᠪᠠᠷ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ ᠪᠦᠯᠬᠦᠮᠳᠡᠯ᠎ᠢ ᠠᠬᠢᠭᠤᠯᠬᠤ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠷᠠᠨ ᠰᠠᠢ᠌ᠬᠠᠨ᠎ᠤ ᠲᠤᠰᠬᠠᠶ ᠲᠣᠭᠯᠠᠯᠲᠠ ᠴᠢᠩᠭᠢᠰ ᠬᠠᠭ᠋ᠠᠨ ᠠᠭᠤᠳᠠᠮ ᠲᠠᠯᠠᠪᠠᠶ᠎ᠳᠤ ᠶᠠᠪᠤᠭᠳᠠᠪᠠ᠃

4.jpg

      ᠲᠣᠭᠯᠠᠯᠲᠠ᠎ᠨᠢ 《ᠵᠣᠯᠪᠣᠭ᠋ᠠᠲᠦ ᠪᠦᠵᠢᠭ》 ᠬᠡᠬᠦ ᠪᠦᠵᠢᠭ᠎ᠤᠨ ᠲᠤᠮᠳᠠ ᠠᠭ᠋ᠠᠵᠢᠮ ᠵᠢᠡᠷ ᠬᠥᠰᠢᠭᠡ᠎ᠪᠠᠨ ᠰᠡᠬᠦᠵᠦ᠂ ᠬᠦᠭᠵᠢᠶᠡᠨᠳᠦ ᠬᠥᠭᠵᠢᠮ᠂ ᠵᠤᠯᠪᠤᠭ᠋ᠠᠯᠢᠭ ᠪᠥᠵᠢᠭ ᠵᠢᠡᠷ ᠵᠢᠡᠨ ᠥᠷᠭᠡᠨ ᠤᠯᠠᠨ ᠬᠤᠳᠠ ᠵᠢᠨ ᠠᠷᠠᠳ ᠪᠣᠯᠤᠨ ᠵᠤᠭ᠋ᠠᠴᠠᠭᠰᠠᠳ᠎ᠤᠨ ᠠᠩᠬᠠᠷᠤᠯ᠎ᠢ ᠳᠠᠳᠠᠵᠤ᠂ 《ᠠᠴᠢ ᠡᠨᠡᠷᠢᠯ᠎ᠳᠤ ᠲᠠᠯᠠᠷᠬᠠᠬᠤ ᠳᠠᠭᠤᠤ ᠵᠢ ᠦᠶ᠎ᠠ ᠵᠢᠨ ᠦᠶ᠎ᠡ᠎ᠳᠤ᠎ᠪᠠᠨ ᠤᠯᠠᠮᠵᠢᠯᠠᠨ ᠳᠠᠭᠤᠯᠠᠶ᠎ᠠ》᠂ 《ᠨᠤᠳᠤᠭ᠎ᠤᠨ ᠳᠠᠭᠤᠤ᠎ᠪᠠᠨ ᠨᠠᠮ᠎ᠳᠤ᠎ᠪᠠᠨ ᠡᠷᠬᠦᠶ᠎ᠠ》 ᠵᠡᠷᠭᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠠᠭᠤᠤ ᠵᠢ ᠳᠠᠭᠤᠯᠠᠵᠤ᠂ ᠭᠦᠨ ᠴᠢᠬᠢᠮᠠᠶ ᠰᠡᠳᠬᠢᠯᠭᠡ᠎ᠠᠴᠠ᠎ᠪᠠᠨ ᠤᠷᠮ᠎ᠠ ᠰᠡᠳᠬᠢᠯᠬᠡ ᠪᠠᠳᠠᠷᠠᠩᠭᠤᠶ ᠪᠤᠯᠵᠤ᠂ ᠤᠮᠠᠷᠠᠲᠤ ᠬᠢᠵᠠᠭ᠋ᠠᠷ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ᠎ᠲᠠᠭᠠᠨ ᠤᠷᠤᠭᠰᠢᠯᠠᠬᠤ  ᠪᠠᠲᠤ ᠢᠲᠡᠭᠡᠯ᠎ᠢ ᠭᠦᠢᠴᠡᠳ ᠢᠯᠡᠷᠡᠬᠦᠯᠪᠠ᠃ ᠪᠥᠵᠢᠭ 《ᠡᠯᠪᠡᠭ ᠬᠤᠷᠢᠶᠠᠯᠲᠠ ᠵᠢᠨ ᠪᠠᠶᠠᠷ》᠂ 《ᠲᠠᠯ᠎ᠠ ᠨᠤᠲᠤᠭ᠎ᠤᠨ ᠤᠶᠠᠩᠭ᠎ᠠ》᠂ ᠪᠡᠬᠡᠵᠢᠡᠭ ᠵᠦᠴᠦᠬᠡ 《ᠳᠤᠮᠳᠠᠳᠤ ᠤᠯᠤᠰ᠎ᠤᠨ ᠪᠡᠭᠡᠵᠢᠩ ᠵᠦᠴᠦᠭᠡ ᠵᠢᠨ ᠡᠭᠦᠷᠢᠳᠡ ᠵᠢᠨ ᠬᠢᠯᠪᠠᠭ᠎ᠠ》᠂ ᠲᠠᠰᠢᠶᠠᠪᠴᠢ ᠳᠡᠪᠡᠯ᠎ᠤᠨ ᠦᠵᠡᠬᠦᠯᠬᠡ 《ᠡᠬᠡ ᠤᠯᠤᠰ᠎ᠤᠨ ᠮᠠᠭᠲᠠᠭ᠋ᠠᠯ》 ᠵᠡᠷᠭᠡ ᠭᠣᠢ᠌ᠳᠠ ᠰᠠᠢ᠌ᠬᠠᠨ ᠲᠤᠭᠯᠠᠯᠳᠠ᠎ᠢ ᠰᠤᠨᠢᠷᠬᠠᠭᠤᠯᠵᠤ᠂ ᠪᠦᠬᠦ ᠲᠣᠭᠯᠠᠯᠲᠠ ᠵᠢᠨ ᠭᠣᠤᠯ ᠰᠡᠳᠦᠪ᠎ᠨᠢ ᠢᠯᠡ ᠳᠤᠳᠤᠷᠬᠠᠢ ᠥᠪᠡᠷᠮᠢᠴᠠ ᠤᠨᠴᠠᠯᠢᠭ᠎ᠲᠠᠢ ᠪᠠᠢ᠌ᠵᠤ᠂ ᠦᠵᠡᠭᠴᠢᠳ ᠬᠥᠷ ᠬᠦᠭᠵᠢᠶᠡᠨᠳᠦ ᠲᠤᠭᠯᠠᠯᠳᠠ᠎ᠳᠤ ᠰᠤᠭᠳᠤᠭᠤᠷᠠᠵᠤ᠂ ᠠᠯᠠᠭ᠎ᠠ ᠲᠠᠰᠢᠯᠳᠠ ᠵᠢᠨ ᠲᠠᠭᠤᠨ ᠤᠳᠠᠲᠠᠯ᠎ᠠ ᠴᠤᠤᠷᠢᠶᠠᠳᠤᠪᠠ᠃

5.jpg

      ᠲᠣᠰ ᠤᠳᠠᠭ᠋ᠠᠨ᠎ᠤ ᠲᠤᠰᠬᠠᠶ ᠲᠣᠭᠯᠠᠯᠲᠠ᠎ᠨᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ᠎ᠪᠠᠷ ᠳᠤᠮᠳᠠᠳᠤ ᠵᠢᠨ ᠰᠣᠶᠣᠯ᠎ᠤᠨ ᠢᠳᠡᠬᠡᠯ᠎ᠲᠠᠢ ᠬᠦᠴᠦᠷᠬᠡᠭ ᠪᠠᠢ᠌ᠳᠠᠯ᠎ᠢ ᠬᠦᠢ᠍ᠴᠡᠳ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠬᠠᠷᠠᠭ᠋ᠠᠨ ᠰᠡᠷᠡᠯ᠎ᠤᠨ ᠦᠪᠡᠳᠡᠭᠰᠢ ᠨᠠᠢ᠌ᠷ᠎ᠢ ᠠᠪᠴᠢᠷᠠᠵᠠᠶ᠃

6.jpg

      ᠲᠠᠷᠠᠭ᠋ᠠᠴᠢ ᠵᠢᠨ ᠠᠯᠬᠤᠮ᠎ᠳᠤ ᠬᠠᠢ᠌ᠯᠠᠷ ᠲᠣᠭᠣᠷᠢᠭ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠳᠬ᠎ᠠ ᠤᠷᠠᠯᠢᠭ ᠵᠶ᠋ᠡᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠵᠦ᠂ ᠳᠤᠮᠳᠠᠳᠤ ᠵᠢᠨ ᠦᠨᠳᠦᠰᠦᠲᠡᠨ ᠨᠢᠭᠡ ᠭᠡᠷ ᠪᠦᠯᠢ ᠵᠢᠨ᠎ᠬᠢᠨ ᠮᠡᠲᠦ ᠳᠣᠲᠣᠨᠣ ᠪᠠᠢ᠌ᠵᠤ᠂ ᠰᠡᠳᠬᠢᠯ ᠨᠢᠭᠡᠳᠦᠨ ᠳᠤᠮᠳᠠᠳᠤ ᠵᠢᠨ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠬᠠᠢ᠌ᠯᠠᠷ᠎ᠤᠨ ᠰᠢᠨ᠎ᠡ ᠬᠠᠭᠤᠳᠠᠰᠤ ᠵᠢ ᠨᠡᠩ ᠰᠠᠢ᠌ᠲᠤᠷ ᠪᠢᠴᠢᠭᠯᠡᠬᠦ ᠪᠣᠯᠤᠨ᠎ᠠ᠃



          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠬᠥᠯᠥᠨ ᠪᠣᠢ᠌ᠷ᠎ᠤᠨ ᠬᠠᠮ ᠵᠠᠭᠤᠴᠢᠯᠠᠭᠤᠷ