ᠨᠠᠮᠴᠢ ᠴᠢᠨᠠᠷ᠎ᠤᠨ ᠬᠥᠮᠦᠵᠢᠯ᠎ᠢ ᠴᠢᠩᠭ᠋ᠠᠳᠬᠠᠵᠤ᠂ ᠬᠤᠪᠢᠰᠬᠠᠯ᠎ᠤᠨ ᠲᠡᠦᠬᠡ ᠵᠢ ᠡᠷᠭᠢᠴᠡᠭᠦᠯᠵᠦ᠂ ᠬᠤᠪᠢᠰᠬᠠᠯ᠎ᠤᠨ ᠭ᠋ᠸᠨ᠎ᠢ ᠤᠯᠠᠮᠵᠢᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠬᠦ ᠵᠢᠨ ᠲᠥᠯᠥᠭᠡ᠂ 7 ᠳ᠋ᠤᠭ᠋ᠠᠷ ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠢ᠎ᠠ ᠵᠢᠨ ᠨᠠᠮ᠎ᠤᠨ ᠡᠭᠦᠷ᠂ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠠᠮ᠎ᠤᠨ ᠡᠭᠦᠷ ᠬᠠᠮᠳᠤ᠎ᠪᠠᠷ ᠦᠷᠡᠭᠳᠡᠭᠰᠡᠨ ᠪᠠᠭ᠋ᠠᠲᠤᠷ ᠳ᠋ᠦᠸᠸ ᠰᠦᠩ ᠨᠢᠶᠠᠨ᠎ᠤ ᠳᠤᠷᠠᠰᠬᠠᠯ᠎ᠤᠨ ᠣᠷᠳᠣᠨ᠎ᠳᠤ ᠬᠦᠷᠴᠦ 《ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ ᠦᠷᠡᠭᠳᠡᠭᠰᠡᠨ ᠪᠠᠭ᠋ᠠᠲᠤᠷᠴᠤᠳ᠎ᠤᠨ ᠵᠣᠷᠢᠭ ᠰᠠᠨᠠᠭ᠎ᠠ ᠵᠢ ᠤᠯᠠᠮᠵᠢᠯᠡᠨ ᠵᠠᠯᠭ᠋ᠠᠮᠵᠢᠯᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃
ᠦᠷᠡᠭᠳᠡᠭᠰᠡᠨ ᠪᠠᠭ᠋ᠠᠲᠤᠷ ᠳ᠋ᠦᠸᠸ ᠰᠦᠩ ᠨᠢᠶᠠᠨ᠎ᠤ ᠳᠤᠷᠠᠰᠬᠠᠯ᠎ᠤᠨ ᠣᠷᠳᠣᠨ᠎ᠤ ᠡᠮᠦᠨᠡᠬᠢ ᠬᠠᠮᠲᠤ ᠵᠢᠨ ᠰᠡᠭᠦᠳᠡᠷ
ᠪᠦᠬᠦ ᠨᠠᠮ᠎ᠤᠨ ᠭᠡᠰᠢᠭᠦᠨ ᠺᠠᠳ᠋ᠷᠴᠤᠳ ᠲᠠᠢ᠌ᠯᠪᠤᠷᠢᠯᠠᠭᠴᠢ ᠵᠢᠨ ᠲᠠᠭ᠋ᠠᠭᠤᠯᠭ᠎ᠠ᠎ᠪᠠᠷ ᠲᠥᠪ ᠬᠢᠴᠢᠶᠡᠩᠭᠦᠢ ᠰᠡᠳᠬᠢᠯᠭᠡ᠎ᠲᠠᠢ᠎ᠪᠠᠷ ᠦᠷᠡᠭᠳᠡᠭᠰᠡᠨ ᠪᠠᠭ᠋ᠠᠲᠤᠷ ᠳ᠋ᠦᠸᠸ ᠰᠦᠩ ᠨᠢᠶᠠᠨ᠎ᠤ ᠬᠠᠭᠤᠴᠢᠨ ᠰᠠᠭᠤᠴᠠ ᠪᠠ ᠳᠡᠯᠭᠡᠨ ᠦᠵᠡᠭᠦᠯᠬᠦ ᠲᠣᠭᠣᠷᠢᠭ᠎ᠢ ᠲᠣᠭᠣᠷᠢᠨ ᠦᠵᠡᠵᠦ᠂ ᠳᠡᠯᠭᠡᠨ ᠦᠵᠡᠭᠦᠯᠬᠦ ᠪᠣᠳᠠᠰ ᠪᠠ ᠰᠤᠳᠤᠷ ᠪᠢᠴᠢᠭ᠎ᠢ ᠰᠣᠨᠢᠷᠬᠠᠵᠤ᠂ ᠦᠷᠡᠭᠳᠡᠭᠰᠡᠨ ᠪᠠᠭ᠋ᠠᠲᠤᠷ ᠳ᠋ᠦᠸᠸ ᠰᠦᠩ ᠨᠢᠶᠠᠨ᠎ᠤ ᠪᠠᠭ᠋ᠠᠲᠤᠷᠯᠢᠭ ᠦᠢ᠍ᠯᠡ ᠠᠵᠢᠯᠯᠠᠭ᠎ᠠ ᠵᠢᠨ ᠲᠠᠨᠢᠯᠴᠠᠭᠤᠯᠭ᠎ᠠ ᠵᠢ ᠰᠣᠨᠣᠰᠴᠤ᠂ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠡᠷᠡᠮᠡᠬᠡᠢ᠌ᠯᠡᠨ ᠤᠷᠤᠭᠰᠢᠯᠠᠵᠤ᠂ ᠴᠥᠬᠥᠷᠡᠰᠢ ᠦᠭᠡᠢ ᠲᠡᠮᠡᠴᠡᠭᠰᠡᠨ ᠠᠭᠤᠤ ᠶᠡᠬᠡ ᠵᠣᠷᠢᠭ ᠰᠠᠨᠠᠭ᠎ᠠ ᠵᠢ ᠣᠢ᠌ᠯᠠᠭ᠋ᠠᠵᠤ᠂ ᠠᠮᠢᠳᠤᠯᠢᠭ ᠰᠠᠢ᠌ᠬᠠᠨ ᠨᠠᠮ᠎ᠤᠨ ᠬᠢᠴᠢᠶᠡᠯ ᠣᠷᠣᠪᠠ᠃
ᠳᠠᠷᠠᠭ᠎ᠠ᠎ᠨᠢ᠂ ᠠᠵᠢᠯᠯᠠᠭ᠎ᠠ᠎ᠳᠤ ᠣᠷᠣᠯᠴᠠᠭᠰᠠᠨ ᠨᠠᠮ᠎ᠤᠨ ᠭᠡᠰᠢᠭᠦᠨ ᠺᠠᠳ᠋ᠷᠴᠤᠳ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠳᠠᠬᠢᠨᠲᠠ ᠤᠩᠰᠢᠬᠤ ᠶᠣᠰᠣᠯᠠᠯ ᠶᠠᠪᠤᠭᠤᠯᠪᠠ᠃ ᠭᠠᠯ ᠤᠯᠠᠭ᠋ᠠᠨ ᠨᠠᠮ᠎ᠤᠨ ᠲᠤᠭ᠎ᠤᠨ ᠳᠣᠣᠷ᠎ᠠ᠂ ᠪᠦᠬᠦ ᠨᠠᠮ᠎ᠤᠨ ᠭᠡᠰᠢᠭᠦᠨ ᠪᠠᠷᠠᠭᠤᠨ ᠨᠢᠳᠤᠷᠭ᠎ᠠ᠎ᠪᠠᠨ ᠵᠠᠩᠭᠢᠳᠤᠨ ᠨᠠᠮ᠎ᠤᠨ ᠲᠤᠭ᠎ᠤᠨ ᠡᠮᠦᠨ᠎ᠡ ᠲᠥᠪ ᠴᠢᠩᠭ᠎ᠠ᠎ᠪᠠᠷ ᠲᠠᠩᠭ᠋ᠠᠷᠢᠭᠯᠠᠵᠤ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠢᠡᠨ ᠳᠠᠬᠢᠨᠲᠠ ᠡᠷᠭᠢᠴᠡᠭᠦᠯᠵᠦ᠂ ᠲᠠᠩᠭ᠋ᠠᠷᠢᠭᠯᠠᠬᠤ ᠳᠤᠮᠳᠠ ᠢᠲᠡᠭᠡᠯ ᠵᠣᠷᠢᠭ ᠵᠶ᠋ᠠᠨ ᠪᠠᠲᠤᠳᠬᠠᠵᠤ᠂ ᠨᠠᠮ᠎ᠳᠤ᠎ᠪᠠᠨ ᠡᠷᠭᠦᠬᠦ ᠴᠢᠡᠭ ᠦᠨᠡᠨᠴᠢ ᠬᠠᠯᠠᠭᠤᠨ ᠬᠠᠢ᠌ᠷ᠎ᠠ ᠪᠠ ᠡᠪ ᠬᠠᠮᠲᠤ ᠶᠣᠰᠣᠨ᠎ᠤ ᠦᠢ᠍ᠯᠡᠰ᠎ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠵᠣᠷᠢᠭ ᠵᠶ᠋ᠠᠨ ᠢᠯᠡᠳᠬᠡᠪᠡ᠃
ᠡᠨᠡ ᠤᠳᠠᠭ᠎ᠠ ᠵᠢᠨ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠳᠤ ᠣᠷᠣᠯᠴᠠᠬᠤ᠎ᠪᠠᠷ ᠳᠠᠮᠵᠢᠵᠦ᠂ ᠣᠯᠠᠨ ᠵᠶ᠋ᠠᠷ ᠵᠶ᠋ᠠᠨ ᠬᠣᠢ᠌ᠰᠢᠳᠠ ᠵᠠᠪᠠᠯ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ ᠵᠶ᠋ᠠᠷ ᠥᠯᠢᠭᠡᠷ ᠳᠠᠭᠤᠷᠢᠶᠠᠯ ᠪᠣᠯᠭ᠋ᠠᠵᠤ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ᠂ ᠦᠷᠡᠭᠳᠡᠭᠰᠡᠨ ᠪᠠᠭ᠋ᠠᠲᠤᠷᠴᠤᠳ᠎ᠤᠨ ᠭᠡᠷᠢᠶᠡᠰ ᠵᠣᠷᠢᠭ᠎ᠢ ᠵᠠᠯᠭ᠋ᠠᠮᠵᠢᠯᠠᠵᠤ᠂ ᠡᠷᠡᠰ ᠭᠤᠢ᠌ᠪᠢᠰᠢ ᠥᠬᠡᠶ᠎ᠪᠠᠷ ᠨᠠᠮ᠎ᠤᠨ ᠠᠴᠢ᠎ᠳᠤ ᠳᠠᠯᠠᠷᠬ᠍ᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠠᠭ᠋ᠠᠰᠢᠲᠠ ᠪᠠᠳᠤᠳᠬᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ