6 ᠳ᠋ᠤᠭ᠋ᠠᠷ ᠰᠠᠷ᠎ᠠ ᠵᠢᠨ ᠬᠥᠬᠡᠬᠤᠲᠠ ᠤᠰᠤ᠎ᠨᠢ ᠴᠡᠩᠬᠡᠷ ᠣᠭᠲᠠᠷᠭᠤᠢ᠎ᠨᠢ ᠴᠡᠯᠮᠡᠭ᠂ ᠴᠡᠴᠡᠭ ᠬᠤᠸᠠᠷ ᠮᠢᠷᠠᠯᠵᠠᠨ ᠳᠡᠯᠭᠡᠷᠡᠵᠦ᠂ ᠥᠩᠭᠡ ᠦᠵᠡᠮᠵᠢ᠎ᠨᠢ ᠵᠢᠷᠤᠭ ᠮᠡᠲᠦ᠃ ᠡᠨᠳᠡ ᠦᠨᠳᠦᠰᠦᠲᠡᠨ᠎ᠨᠦᠭᠦᠳ᠎ᠤᠨ 360 ᠭᠠᠷᠤᠶ ᠲᠦᠮᠡᠨ ᠬᠥᠪᠡᠭᠦᠳ ᠥᠬᠢᠳ ᠠᠬ᠎ᠠ ᠳᠡᠭᠦᠦ ᠮᠡᠲᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠡᠳᠬᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ ᠴᠠᠭ ᠦᠶ᠎ᠡ ᠵᠢᠨ ᠢᠷᠠᠭᠤ ᠠᠶᠠᠰ᠎ᠢ ᠬᠠᠮᠲᠤ᠎ᠪᠠᠷ ᠬᠠᠩᠭᠢᠨᠠᠭᠤᠯᠵᠤ᠂ ᠵᠣᠯ ᠵᠢᠷᠭ᠋ᠠᠯᠲᠤ ᠠᠮᠢᠳᠤᠷᠠᠯ ᠵᠶ᠋ᠠᠨ ᠬᠠᠮᠲᠤ᠎ᠪᠠᠷ ᠴᠣᠭᠴᠠᠯᠠᠵᠤ ᠪᠣᠢ᠃ ᠥᠨᠥᠳᠦᠷ᠎ᠤᠨ ᠬᠥᠬᠡᠬᠤᠲᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠨᠠᠩ ᠪᠠᠲᠤ ᠪᠣᠯᠵᠤ᠂ ᠬᠥᠮᠦᠰ᠎ᠤᠨ ᠰᠡᠳᠬᠢᠯ᠎ᠳᠤ ᠨᠡᠩ ᠭᠦᠨ ᠬᠠᠳᠠᠩᠰᠢᠨ᠎ᠠ᠃
2023 ᠣᠨ᠎ᠤ 6 ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠤᠣᠯ ᠰᠢᠵᠢᠮ ᠮᠥᠨ᠃ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠪᠥᠲᠥᠭᠡᠨ ᠪᠠᠢ᠍ᠭᠤᠯᠤᠯᠲᠠ᠂ ᠤᠯᠤᠰ ᠲᠥᠷᠥ ᠵᠢᠨ ᠪᠦᠲᠦᠭᠡᠨ ᠪᠠᠢ᠍ᠭᠤᠯᠤᠯᠲᠠ᠂ ᠰᠤᠶᠤᠯ᠎ᠤᠨ ᠪᠦᠲᠦᠭᠡᠨ ᠪᠠᠢ᠌ᠭᠤᠯᠤᠯᠲᠠ᠂ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠢ᠌ᠭᠤᠯᠤᠯᠲᠠ ᠪᠠ ᠨᠠᠮ᠎ᠤᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠪᠠᠷ ᠴᠥᠮ ᠡᠨᠡ ᠬᠦ᠌ ᠭᠣᠣᠯ ᠰᠢᠵᠢᠮ᠎ᠲᠠᠢ ᠨᠢᠭᠲᠠ ᠤᠶᠠᠯᠳᠤᠵᠤ ᠥᠴᠥᠬᠡᠨ ᠴᠦ᠍ ᠬᠡᠯᠪᠡᠢ᠌ᠯᠭᠡᠵᠦ ᠪᠣᠯᠬᠤ ᠦᠭᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠭᠰᠠᠨ ᠴᠤ᠌ ᠲᠡᠷᠡ᠂ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠨᠡᠶ᠋ᠢᠲᠡᠯᠡᠭᠰᠡᠨ ᠴᠤ᠌ ᠲᠡᠷᠡ᠂ ᠴᠥᠮ ᠳᠤᠮᠳᠠᠳᠤ ᠵᠢᠨ ᠦᠨᠳᠦᠰᠦᠲᠡᠨ᠎ᠤ ᠨᠡᠶ᠋ᠢᠲᠡᠯᠢᠭ ᠴᠢᠨᠠᠷ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠩᠭ᠋ᠠᠳᠬᠠᠬᠤ ᠵᠢ ᠪᠤᠳᠤᠯᠬᠢᠯᠠᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠪᠠ᠃
ᠨᠢᠭᠡ ᠵᠢᠯ᠎ᠤᠨ ᠲᠤᠷᠰᠢ᠂ ᠬᠥᠬᠡᠬᠤᠲᠠ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠭᠤᠤᠯ ᠰᠢᠵᠢᠮ᠎ᠢ ᠳᠣᠪᠤᠶ᠋ᠢᠯᠭ᠋ᠠᠵᠤ᠂ ᠲᠥᠪ᠎ᠲᠤ ᠠᠭᠤᠰᠤᠯᠴᠠᠵᠤ᠂ ᠲᠥᠷᠥᠯ ᠬᠤᠪᠢᠶᠠᠨ ᠵᠢᠯᠣᠭᠤᠳᠬᠤ》 ᠠᠵᠢᠯ᠎ᠤᠨ ᠰᠡᠳᠬᠢᠮᠵᠢ ᠵᠢ ᠪᠠᠷᠢᠮᠳᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠤᠨ ᠲᠣᠭᠤᠷᠢᠨ᠎ᠳᠤ ᠡᠯ᠎ᠡ ᠲᠥᠷᠥᠯ᠎ᠤᠨ ᠠᠵᠢᠯ᠎ᠤᠨ ᠦᠴᠦᠬᠡᠨ ᠴᠤ᠌ ᠬᠡᠯᠪᠡᠢ᠌ᠯᠭᠡᠬᠦ ᠦᠭᠡᠢ᠎ᠪᠠᠷ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠵᠢ ᠠᠬᠢᠭᠤᠯᠵᠤ᠂ 《ᠠᠷᠪᠠᠳᠤᠭ᠋ᠠᠷ ᠪᠦᠯᠦᠭ᠎ᠤᠨ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠤᠲᠠ》᠂ 《2023 ᠣᠨ᠎ᠤ ᠳᠤᠮᠳᠠᠳᠤ ᠤᠯᠤᠰ᠎ᠤᠨ ᠬᠠᠮᠤᠭ᠎ᠤᠨ ᠵᠣᠯ ᠵᠢᠷᠭ᠋ᠠᠯᠲᠤ ᠲᠥᠷᠥᠭᠳᠡᠯ᠎ᠲᠠᠢ ᠬᠤᠲᠠ》᠎ᠪᠠᠷ ᠦᠨᠡᠯᠡᠭᠳᠡᠪᠡ᠃
ᠬᠥᠬᠡᠬᠤᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠳᠠᠷᠤᠭ᠎ᠠ ᠮᠢ ᠬᠤᠩ ᠷᠦᠢ᠂ 《ᠪᠥᠬᠦ ᠬᠦᠷᠢᠶᠡᠯᠡᠩ᠎ᠤᠨ ᠺᠠᠳ᠋ᠷ ᠠᠵᠢᠯᠲᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠰᠤᠷᠭ᠋ᠠᠯ ᠪᠠ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ 〈ᠳᠤᠮᠳᠠᠳᠤ ᠵᠢᠨ ᠦᠨᠳᠦᠰᠦᠲᠡᠨ ᠨᠢᠭᠡ ᠬᠡᠷ ᠵᠢᠨ᠎ᠬᠢᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ〉 ᠡᠨᠡ ᠬᠦ᠌ ᠳᠤᠮᠳᠠᠳᠤ ᠵᠢᠨ ᠬᠥᠪᠡᠭᠦᠳ ᠥᠬᠢᠳ᠎ᠤᠨ ᠬᠠᠮᠲᠤ ᠵᠢᠨ ᠬᠦᠰᠡᠯ ᠡᠷᠡᠮᠡᠯᠵᠡᠯ᠎ᠢ ᠦᠨᠦᠴᠢᠨ ᠬᠡᠥᠬᠡᠳ᠎ᠲᠤ ᠦᠢ᠍ᠯᠡᠴᠢᠯᠡᠬᠦ ᠭᠣᠣᠯ ᠡᠭᠦᠷᠭᠡ ᠭᠣᠣᠯ ᠠᠵᠢᠯ᠎ᠳᠤ ᠨᠢᠭᠲᠠᠷᠠᠭᠤᠯᠵᠤ᠂ ᠬᠡᠦᠬᠡᠳ᠎ᠲᠤ 〈ᠬᠡᠷ ᠪᠦᠯᠢ〉 ᠵᠢᠨ᠂ 〈ᠠᠪᠤ ᠡᠵᠢ〉 ᠵᠢᠨ ᠬᠠᠶ᠋ᠢᠷ᠎ᠠ ᠬᠠᠯᠠᠮᠵᠢ ᠵᠢ ᠬᠠᠩᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠠᠢ᠃ ᠬᠥᠬᠡᠬᠤᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠨᠢ ᠨᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠡᠦᠬᠡᠳ᠎ᠤᠨ ᠠᠰᠠᠷᠠᠮᠵᠢ ᠵᠢᠨ ᠦᠢ᠍ᠯᠡᠰ᠎ᠲᠤ ᠦᠨᠳᠦᠰᠦᠲᠡᠨ᠎ᠤ ᠠᠵᠢᠯ᠎ᠢ ᠪᠥᠬᠦ ᠲᠠᠯ᠎ᠠ᠎ᠪᠠᠷ ᠰᠢᠭᠢᠳᠬᠡᠨ ᠣᠷᠣᠭᠤᠯᠬᠤ ᠵᠢ ᠠᠬᠢᠭᠤᠯᠵᠤ᠂ 《ᠠᠴᠢ ᠡᠨᠡᠷᠢᠯ᠎ᠳᠤ ᠲᠠᠯᠠᠷᠬᠠᠬᠤ》 ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠨᠠᠷᠠᠲᠤ ᠲᠡᠮᠳᠡᠭ᠎ᠢ ᠤᠯᠠᠮ ᠰᠠᠢ᠌ᠬᠠᠨ ᠪᠣᠯᠪᠠᠰᠤᠷᠠᠭᠤᠯᠵᠤ᠂ ᠣᠷᠣᠨ᠎ᠤ ᠲᠥᠪ᠎ᠤᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠡᠶ᠃
ᠬᠥᠬᠡᠬᠤᠲᠠ᠎ᠨᠢ ᠤᠯᠤᠰ᠎ᠤᠨ ᠲᠡᠦᠬᠡ ᠰᠣᠶᠣᠯ᠎ᠤᠨ ᠨᠡᠷᠡᠳᠦ ᠬᠤᠳᠠ ᠪᠣᠯᠤᠭᠰᠠᠨ᠎ᠤ ᠬᠤᠪᠢ᠎ᠳᠤ ᠥᠨᠢ ᠤᠳᠠᠭ᠋ᠠᠨ ᠲᠡᠦᠬᠡ᠎ᠲᠠᠢ᠂ ᠭᠦᠨ ᠵᠤᠵᠠᠭ᠋ᠠᠨ ᠰᠣᠶᠣᠯ᠎ᠤᠨ ᠰᠠᠭᠤᠷᠢ᠎ᠲᠠᠢ ᠶᠤᠮ᠃ 2023 ᠣᠨ᠎ᠳᠤ ᠬᠥᠬᠡᠬᠤᠲᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ 《ᠤᠮᠠᠷᠠᠲᠤ ᠬᠢᠯᠢ ᠵᠢᠨ ᠰᠣᠶᠣᠯ》᠎ᠤᠨ ᠨᠡᠷᠡᠲᠦ ᠲᠡᠮᠳᠡᠭ᠎ᠢ ᠲᠥᠷᠥᠭᠥᠯᠡᠨ ᠡᠭᠦᠳᠴᠦ᠂ ᠣᠷᠣᠨ᠎ᠤ ᠲᠥᠪ ᠬᠤᠲᠠ ᠵᠢᠨ ᠲᠡᠦᠬᠡ ᠰᠣᠶᠣᠯ᠎ᠤᠨ ᠡᠬᠢ ᠪᠠᠶᠠᠯᠢᠭ ᠵᠢᠴᠢ ᠲᠡᠭᠦᠨ᠎ᠳᠤ ᠠᠭᠤᠯᠤᠭᠳᠠᠵᠤ ᠪᠠᠶ᠋ᠢᠭ᠎ᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠭᠦᠨᠵᠡᠭᠡᠢ ᠠᠭᠤᠳᠠᠯᠤᠨ ᠳᠡᠯᠭᠡᠨ ᠦᠵᠡᠭᠦᠯᠵᠦ᠂ ᠬᠥᠬᠡᠬᠤᠲᠠ ᠵᠢᠨ ᠤᠮᠠᠷᠠᠲᠤ ᠬᠢᠯᠢ ᠵᠢᠨ ᠰᠣᠶᠣᠯ᠎ᠤᠨ ᠰᠤᠳᠤᠯᠭ᠋ᠠᠨ᠎ᠤ ᠰᠢᠷᠢᠰ ᠴᠤᠪᠤᠷᠠᠯ ᠪᠢᠴᠢᠭ ᠪᠠ ᠵᠢᠷᠤᠭᠲᠤ ᠳᠡᠪᠲᠡᠷ᠎ᠢ ᠨᠠᠶ᠋ᠢᠷᠠᠭᠤᠯᠤᠨ ᠵᠣᠬᠢᠶᠠᠵᠤ᠂ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠎ᠲᠠᠢ᠂ ᠤᠮᠠᠷᠠᠲᠤ ᠬᠢᠯᠢ ᠵᠢᠨ ᠣᠨᠴᠠᠯᠢᠭ᠎ᠢ ᠢᠯᠡᠷᠡᠭᠦᠯᠦᠭᠰᠡᠨ ᠰᠢᠯᠢᠳᠡᠭ ᠤᠳᠬ᠎ᠠ ᠤᠷᠠᠯᠢᠭ᠎ᠤᠨ ᠨᠢᠭᠡ ᠪᠦᠯᠦᠭ ᠪᠦᠲᠦᠭᠡᠯ᠎ᠢ ᠵᠣᠬᠢᠶᠠᠨ ᠪᠦᠲᠦᠭᠡᠪᠡ᠃
ᠬᠥᠬᠡᠬᠣᠲᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ ᠡᠨᠡ ᠵᠢᠯ᠂ ᠬᠥᠬᠡᠬᠤᠲᠠ ᠪᠥᠬᠦ ᠲᠠᠯ᠎ᠠ ᠵᠢᠨ᠂ ᠪᠥᠬᠦ ᠴᠠᠷᠠᠭ᠎ᠠ ᠬᠦᠷᠢᠶ᠎ᠡ ᠵᠢᠨ᠂ ᠪᠦᠬᠦᠨ᠎ᠢ ᠬᠠᠮᠤᠷᠤᠭᠰᠠᠨ ᠬᠡᠯᠪᠡᠷᠢ᠎ᠪᠠᠷ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠂ 《8 + N》 ᠤᠬᠠᠭᠤᠯᠭ᠎ᠠ ᠪᠠ 12 ᠲᠥᠷᠥᠯ᠎ᠤᠨ ᠭᠤᠤᠯ ᠰᠡᠳᠦᠪᠲᠦ ᠠᠵᠢᠯᠯᠠᠭ᠎ᠠ ᠵᠢ ᠰᠢᠨ᠎ᠡ ᠡᠭᠦᠳᠦᠯᠲᠡ᠎ᠲᠠᠢ᠎ᠪᠠᠷ ᠥᠷᠨᠢᠭᠦᠯᠵᠦ᠂ ᠲᠥᠪᠯᠡᠷᠡᠭᠦᠯᠦᠨ ᠤᠬᠠᠭᠤᠯᠤᠭᠰᠠᠨ ᠠᠵᠢᠯᠯᠠᠭ᠎ᠠ ᠵᠢᠨ ᠲᠤᠬᠠᠢ ᠵᠢᠨ ᠡᠳᠦᠷ᠎ᠲᠤ 26.2 ᠲᠦᠮᠡ ᠭᠠᠷᠤᠶ ᠬᠥᠮᠦᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠵᠢ ᠰᠣᠨᠢᠷᠬᠠᠪᠠ᠃ 5 ᠳ᠋ᠤᠭ᠋ᠠᠷ ᠰᠠᠷ᠎ᠠ᠎ᠳᠤ᠂ ᠬᠥᠬᠡᠬᠣᠲᠠ ᠵᠢᠨ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ 56 ᠨᠣᠮᠸᠷᠲᠤ 《ᠪᠦᠯᠬᠦᠮᠳᠡᠨ ᠤᠷᠤᠭᠰᠢᠯᠠᠬᠤ》 ᠨᠡᠢ᠌ᠲᠡ ᠵᠢᠨ ᠵᠠᠮ ᠬᠠᠷᠢᠯᠴᠠᠭ᠋ᠠᠨ᠎ᠤ ᠮᠠᠰᠢᠨ᠎ᠤ ᠲᠤᠰᠬᠠᠢ ᠱᠤᠭᠤᠮ ᠵᠶ᠋ᠠᠷ ᠠᠴᠢᠶᠠᠯᠠᠭᠴᠢ ᠪᠣᠯᠭ᠋ᠠᠵᠤ᠂ ᠨᠡᠢ᠌ᠲᠡ ᠵᠢᠨ ᠮᠠᠰᠢᠨ ᠲᠡᠷᠭᠡᠨ᠎ᠤ ᠰᠢᠯᠵᠢᠩᠭᠦᠢ ᠴᠢᠨᠠᠷ ᠴᠢᠩᠭ᠎ᠠ᠂ ᠬᠠᠷᠢᠯᠴᠠᠬᠤ ᠬᠡᠪᠴᠢᠶ᠎ᠡ ᠥᠷᠭᠡᠨ ᠪᠠᠢ᠌ᠬᠤ ᠳᠠᠪᠠᠭᠤᠯᠢᠭ᠎ᠢ ᠠᠰᠢᠭᠯᠠᠵᠤ᠂ ᠠᠶᠠᠨᠴᠢᠳ᠎ᠲᠤ ᠣᠨᠣᠯ᠎ᠤᠨ ᠤᠬᠠᠭᠤᠯᠭ᠎ᠠ ᠵᠢᠨ ᠬᠠᠭᠤᠳᠠᠰᠤ ᠵᠢ ᠲᠠᠷᠬᠠᠭ᠋ᠠᠵᠤ᠂ ᠨᠡᠢ᠌ᠲᠡ 407 ᠲᠦᠮᠡᠨ ᠬᠥᠮᠦᠨ ᠤᠳᠠᠭ᠎ᠠ᠎ᠳᠤ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠥᠷᠭᠡᠨ ᠵᠶ᠋ᠠᠷ ᠤᠬᠠᠭᠤᠯᠤᠭᠰᠠᠨ ᠪᠠᠢ᠌ᠨ᠎ᠠ᠃ ᠬᠣᠲᠠ ᠵᠢᠨ ᠠᠷᠠᠳ ᠺᠥᠩ ᠠᠪᠠᠬᠠᠢ᠂ 《ᠪᠢ ᠦᠷᠭᠦᠯᠵᠢ ᠡᠨᠡ ᠬᠦ᠌ ᠲᠡᠷᠭᠡᠨ᠎ᠳᠤ ᠰᠠᠭᠤᠳᠠᠭ᠂ ᠠᠶᠠᠨᠴᠢᠳ᠎ᠲᠤ ᠤᠨᠤᠯ᠎ᠤᠨ ᠤᠬᠠᠭᠤᠯᠭ᠎ᠠ ᠵᠢᠨ ᠬᠠᠭᠤᠳᠠᠰᠤ ᠵᠢ ᠲᠠᠷᠬᠠᠭ᠋ᠠᠵᠤ᠂ ᠤᠯᠠᠨ᠎ᠳᠤ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠣᠢ᠌ᠯᠠᠭ᠋ᠠᠭᠤᠯᠤᠭᠰᠠᠨ᠎ᠨᠢ ᠮᠠᠰᠢ ᠰᠠᠶ᠋ᠢᠨ》 ᠭᠡᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠰᠢᠰᠲ᠋ᠧᠮ᠎ᠢ ᠭᠦᠨᠵᠡᠭᠡᠢ ᠪᠠᠶ᠋ᠢᠭᠤᠯᠬᠤ ᠵᠢᠨ ᠲᠥᠯᠥᠭᠡ᠂ ᠬᠥᠬᠡᠬᠤᠲᠠ᠎ᠳᠤ ᠪᠠᠢ᠌ᠭ᠎ᠠ ᠡᠬᠢ ᠪᠠᠶᠠᠯᠢᠭ ᠵᠶ᠋ᠠᠨ ᠨᠡᠶ᠋ᠢᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ 2᠂ ᠠᠵᠢᠯᠯᠠᠬᠤ ᠦᠷᠳᠡᠭᠡ 6 ᠵᠢ ᠪᠠᠶ᠋ᠢᠭᠤᠯᠪᠠ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ 28 ᠵᠢ ᠪᠠᠶ᠋ᠢᠭᠤᠯᠵᠤ᠂ ᠡᠯ᠎ᠡ ᠲᠦᠷᠦᠯ᠎ᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ 512 ᠲᠦᠮᠡ ᠭᠠᠷᠤᠢ ᠬᠥᠮᠦᠨ ᠤᠳᠠᠭ᠎ᠠ ᠵᠢ ᠬᠠᠮᠤᠷᠪᠠ᠃ ᠡᠭᠦᠨ᠎ᠤ ᠬᠠᠮᠲᠤ 《ᠢᠨᠲ᠋ᠧᠷ ᠰᠦᠯᠵᠢᠶ᠎ᠡ + ᠦᠨᠳᠦᠰᠦᠲᠡᠨ᠎ᠤ ᠪᠦᠯᠬᠦᠮᠳᠡᠯ》᠎ᠤᠨ ᠠᠵᠢᠯᠯᠠᠭ᠎ᠠ ᠵᠢ ᠭᠦᠨᠵᠡᠭᠡᠶ᠋ᠢᠷᠡᠭᠦᠯᠪᠡ᠃
ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ ᠦᠭᠡᠢ᠂ ᠶᠠᠪᠤᠳᠠᠯ ᠪᠦᠬᠦᠨ᠎ᠢ᠎ᠨᠢ ᠬᠠᠯᠠᠮᠵᠢᠯᠠᠪᠠᠯ ᠵᠣᠬᠢᠨ᠎ᠠ᠃ ᠬᠥᠬᠡᠬᠤᠲᠠ 《ᠴᠢᠳᠠᠪᠤᠷᠢᠲᠠᠨ ᠵᠶ᠋ᠠᠷ ᠬᠦᠴᠦᠷᠬᠡᠭᠵᠢᠭᠦᠯᠬᠦ》 ᠠᠵᠢᠯᠯᠠᠭ᠎ᠠ ᠵᠢ ᠭᠦᠨᠵᠡᠭᠡᠢ ᠠᠬᠢᠭᠤᠯᠵᠤ᠂ 《ᠭᠣᠣᠯ᠎ᠳᠤ ᠪᠣᠷᠤ ᠴᠡᠴᠡᠭᠲᠦ ᠦᠨᠳᠦᠰᠦᠯᠡᠬᠦ ᠲᠥᠯᠥᠪᠯᠡᠭᠡ》 ᠵᠢ ᠬᠡᠷᠡᠭᠵᠢᠭᠦᠯᠵᠦ᠂ ᠡᠨᠡ ᠵᠢᠯ ᠪᠠᠷᠤᠭ 5 ᠲᠦᠮᠡᠨ ᠣᠶᠤᠲᠠᠨ᠎ᠢ ᠦᠯᠡᠳᠡᠭᠡᠵᠦ᠂ ᠠᠵᠤ ᠠᠬᠤᠶ᠋ᠢᠯᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠠᠴᠠ ᠦᠨᠳᠦᠰᠦᠲᠡᠨ᠎ᠨᠦᠭᠦᠳ᠎ᠤᠨ ᠠᠵᠢᠯᠳᠠᠨ ᠠᠵᠢᠯᠴᠢᠨ᠎ᠢ ᠡᠯᠰᠡᠬᠦ ᠵᠢ ᠵᠣᠷᠢᠭᠵᠢᠭᠤᠯᠵᠤ᠂ ᠲᠡᠳᠡᠨ᠎ᠢ ᠣᠷᠣᠨ᠎ᠤ ᠲᠥᠪ᠎ᠲᠤ ᠰᠠᠭᠤᠵᠤ᠂ ᠰᠠᠨᠠᠭ᠎ᠠ ᠠᠮᠤᠷ ᠦᠢ᠍ᠯᠡᠰ ᠪᠤᠰᠬᠠᠬᠤ ᠵᠢ ᠳᠡᠮᠵᠢᠪᠡ᠃
ᠡᠭᠦᠨ᠎ᠤ ᠬᠠᠮᠲᠤ᠂ ᠬᠥᠬᠡᠬᠤᠲᠠ᠎ᠨᠢ ᠰᠤᠷᠭ᠋ᠠᠭᠤᠯᠢ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠣᠯ ᠵᠢᠭᠰᠠᠭ᠋ᠠᠯ᠎ᠤᠨ ᠭᠠᠵᠠᠷ ᠪᠣᠯᠭ᠋ᠠᠨ ᠠᠳᠬᠤᠬᠤ ᠵᠢ ᠢᠮᠠᠭᠲᠠ ᠪᠠᠷᠢᠮᠲᠠᠯᠠᠵᠤ᠂ ᠭᠤᠣᠯ ᠰᠢᠵᠢᠮ᠎ᠢ ᠡᠯ᠎ᠡ ᠱᠠᠲᠤᠨ᠎ᠤ ᠰᠤᠷᠭ᠋ᠠᠭᠤᠯᠢ᠎ᠨᠤᠭᠤᠳ᠎ᠤᠨ ᠰᠤᠷᠭ᠋ᠠᠭᠤᠯᠢ ᠡᠷᠬᠢᠯᠡᠵᠦ ᠰᠤᠷᠭ᠋ᠠᠭᠤᠯᠢ ᠵᠢ ᠵᠠᠰᠠᠬᠤ᠂ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠪᠦᠬᠦ ᠶᠠᠪᠤᠴᠠ᠎ᠳᠤ ᠠᠭᠤᠰᠬᠠᠵᠠᠢ᠃ ᠢᠦᠢ ᠴᠢᠤᠸᠠᠨ ᠲᠣᠭᠤᠷᠢᠭ᠎ᠤᠨ ᠨᠠᠨ ᠴᠠᠢ ᠾᠥᠸᠸ ᠵᠠᠬ᠎ᠠ ᠵᠡᠭᠡᠯᠢ ᠵᠢᠨ ᠪᠠᠭ᠎ᠠ ᠰᠤᠷᠭ᠋ᠠᠭᠤᠯᠢ᠎ᠳᠤ᠂ ᠡᠯ᠎ᠡ ᠦᠨᠳᠦᠰᠦᠲᠡᠨ᠎ᠤ ᠪᠠᠭᠰᠢ ᠰᠤᠷᠤᠭᠴᠢᠳ᠎ᠤᠨ ᠬᠠᠶ᠋ᠢᠷ᠎ᠠ ᠰᠡᠳᠬᠢᠯᠭᠡ ᠭᠦᠨ ᠵᠤᠵᠠᠭ᠋ᠠᠨ ᠲᠤᠯᠠ᠂ ᠬᠠᠮᠲᠤ᠎ᠪᠠᠷ ᠰᠢᠨ᠎ᠡ ᠮᠡᠳᠡᠯᠭᠡ ᠵᠢ ᠬᠠᠶ᠋ᠢᠨ ᠰᠦᠪᠡᠭᠴᠢᠯᠡᠵᠦ᠂ ᠬᠠᠮᠲᠤ᠎ᠪᠠᠷ ᠰᠤᠷᠤᠯᠴᠠᠨ ᠳᠠᠪᠰᠢᠵᠤ ᠪᠤᠢ᠃ ᠰᠤᠷᠭ᠋ᠠᠭᠤᠯᠢ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ᠎ᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠬᠥᠮᠦᠵᠢᠯ ᠵᠢᠭ᠋ᠠᠨ ᠰᠤᠷᠭ᠋ᠠᠯᠲᠠ᠎ᠲᠠᠢ ᠣᠷᠭ᠋ᠠᠨᠢᠭ ᠵᠶ᠋ᠠᠷ ᠠᠭᠤᠰᠤᠯᠴᠠᠭᠤᠯᠵᠤ᠂ 《ᠭᠤᠷᠪᠠᠨ ᠰᠠᠯᠵᠤ ᠪᠣᠯᠤᠰᠢ ᠥᠬᠡᠶ》᠂ 《ᠳᠥᠷᠪᠡᠨ ᠬᠠᠮᠲᠤ᠎ᠪᠠᠷ》᠂ 《ᠲᠠᠪᠤᠨ ᠮᠡᠳᠡᠷᠡᠬᠦᠢ》 ᠵᠢᠨ ᠦᠷ᠎ᠡ ᠵᠢ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠰᠡᠳᠬᠢᠯ᠎ᠤᠨ ᠭᠦᠨᠳᠤ ᠦᠨᠳᠦᠰᠦᠯᠡᠭᠦᠯᠪᠡ᠃
ᠬᠥᠬᠡᠬᠤᠲᠠ᠎ᠨᠢ ᠪᠥᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ ᠡᠭᠦᠷᠭᠡ ᠵᠢ ᠪᠥᠬᠦ ᠲᠠᠯ᠎ᠠ᠎ᠪᠠᠷ ᠪᠡᠶᠡᠯᠡᠭᠦᠯᠪᠡ; ᠤᠯᠤᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠪᠠ ᠴᠢᠨᠠᠷ ᠰᠠᠶ᠋ᠢᠲᠠᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠪᠡ; ᠦᠨᠳᠦᠰᠦᠲᠡᠨ᠎ᠤ ᠬᠡᠷᠡᠭ ᠶᠠᠪᠤᠳᠠᠯ᠎ᠢ ᠬᠤᠲᠠ ᠬᠥᠳᠡᠭᠡ ᠵᠢᠨ ᠲᠣᠣᠷᠵᠢᠭᠤᠯᠤᠭᠰᠠᠨ ᠦᠢ᠍ᠯᠡᠴᠢᠯᠡᠭᠡᠨ᠎ᠤ ᠬᠠᠮᠢᠶᠠᠷᠤᠯᠲᠠ᠎ᠳᠤ ᠣᠷᠣᠭᠤᠯᠪᠠ; ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠦᠷᠭᠦᠯᠵᠢᠯᠡᠨ ᠨᠡᠮᠡᠭᠳᠡᠭᠦᠯᠪᠡ᠃
ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠬᠥᠬᠡᠬᠤᠲᠠ ᠵᠢᠨ ᠡᠯ᠎ᠡ ᠭᠠᠵᠠᠷ᠎ᠲᠤ 《ᠵᠢᠷᠭᠤᠭ᠋ᠠᠨ ᠶᠡᠭᠡ ᠠᠵᠤ ᠦᠢ᠍ᠯᠡᠰ᠎ᠤᠨ ᠴᠤᠭᠯᠠᠷᠠᠯ》᠎ᠢ ᠲᠦᠷᠭᠡᠳᠬᠡᠨ ᠴᠤᠭᠯᠠᠷᠠᠭᠤᠯᠵᠤ᠂ ᠴᠢᠬᠤᠯᠠ ᠶᠡᠭᠡ ᠲᠦᠷᠦᠯ ᠵᠦᠢ᠍ᠯ᠎ᠤᠳ᠎ᠢ ᠱᠠᠯᠠᠪᠳᠠᠨ ᠪᠠᠶ᠋ᠢᠭᠤᠯᠵᠤ᠂ ᠠᠷᠠᠳ᠎ᠤᠨ ᠠᠮᠢᠳᠤᠷᠠᠯ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠦᠷᠭᠦᠯᠵᠢᠯᠡᠨ ᠬᠡᠷᠡᠭᠵᠢᠭᠦᠯᠵᠦ᠂ ᠬᠥᠭᠵᠢᠯᠲᠡ ᠵᠢᠨ ᠦᠷ᠎ᠡ ᠪᠦᠲᠦᠭᠡᠯ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠨᠡᠩ ᠶᠡᠬᠡ᠎ᠪᠠᠷ ᠠᠰᠢᠭ ᠬᠦᠷᠲᠡᠭᠡᠬᠦ ᠪᠣᠯᠤᠨ᠎ᠠ᠃
ᠡᠶ᠎ᠡ ᠨᠠᠢ᠌ᠷ᠎ᠠᠴᠠ ᠶᠠᠪᠤᠳᠠᠯ ᠪᠦᠲᠦᠨ᠎ᠡ᠂ ᠪᠦᠯᠬᠦᠮᠳᠡᠯ᠎ᠠᠴᠠ ᠬᠦᠴᠦᠨ ᠪᠦᠷᠢᠯᠳᠦᠳᠡᠭ᠃ ᠡᠳᠦᠭᠡ᠂ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠂ ᠪᠦᠯᠬᠦᠮᠳᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠪᠠᠶ᠋ᠢᠳᠠᠯ ᠬᠥᠬᠡᠬᠤᠲᠠ ᠵᠢᠨ ᠭᠠᠵᠠᠷ ᠪᠣᠯᠭ᠋ᠠᠨ᠎ᠳᠤ ᠢᠯᠡᠷᠡᠵᠦ ᠪᠣᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠶᠠᠪᠤᠳᠠᠯ᠎ᠨᠢ ᠨᠢᠭᠡᠨᠲᠡ ᠪᠦᠬᠦ ᠬᠤᠳᠠ ᠵᠢᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶ᠋ᠢᠭᠡᠮ ᠪᠣᠯᠤᠨ ᠨᠠᠮ᠎ᠤᠨ ᠪᠦᠲᠦᠭᠡᠨ ᠪᠠᠶ᠋ᠢᠭᠤᠯᠤᠯᠲᠠ ᠵᠢᠨ ᠡᠯ᠎ᠡ ᠴᠠᠷᠠᠭ᠎ᠠ ᠬᠦᠷᠢᠶᠡᠨ᠎ᠳᠤ ᠭᠦᠨᠵᠡᠭᠡᠢ ᠠᠭᠤᠰᠤᠭ᠋ᠠᠳ᠂ ᠴᠡᠴᠡᠭᠯᠡᠨ ᠬᠥᠭᠵᠢᠭᠰᠡᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶ᠋ᠢᠬᠠᠨ ᠰᠢᠨ᠎ᠡ ᠵᠢᠷᠤᠭ ᠳᠥᠷᠰᠦ ᠵᠢ ᠬᠠᠮᠲᠤ᠎ᠪᠠᠷ ᠵᠢᠷᠤᠭᠯᠠᠨᠠᠮ᠃
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ