ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠢᠨᠵᠢᠯᠡᠬᠦ ᠤᠬᠠᠭ᠋ᠠᠨᠴᠢ ᠪᠦᠷᠢᠨ ᠲᠡᠭᠦᠯᠳᠡᠷ ᠣᠨᠣᠯ᠎ᠤᠨ ᠰᠢᠰᠲ᠋ᠧᠮ᠎ᠢ ᠪᠠᠶ᠋ᠢᠭᠤᠯᠬᠤ ᠴᠢᠬᠤᠯᠠᠳᠠᠢ》 ᠭᠡᠰᠡᠨ ᠴᠢᠬᠤᠯᠠ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠤᠳᠤᠯᠭ᠋ᠠᠨ᠎ᠤ ᠲᠥᠷᠥᠯ ᠵᠦᠢ᠍ᠯ᠎ᠢ ᠬᠡᠷᠡᠭᠵᠢᠭᠦᠯᠬᠦ᠂ ᠰᠤᠳᠤᠯᠭ᠋ᠠᠨ᠎ᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠂ ᠠᠵᠢᠯ᠎ᠤᠨ ᠲᠣᠭᠲᠠᠴᠠ ᠵᠢ ᠪᠦᠷᠢᠨᠰᠢᠭᠦᠯᠬᠦ᠎ᠪᠠᠷ ᠭᠠᠷᠳᠠᠴᠠ ᠪᠣᠯᠭ᠋ᠠᠵᠤ᠂ ᠣᠨᠣᠯ᠎ᠤᠨ ᠰᠤᠳᠤᠯᠭ᠋ᠠᠨ᠎ᠤ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃
ᠨᠢᠭᠡ᠂ ᠰᠤᠳᠤᠯᠭ᠋ᠠᠨ᠎ᠤ ᠲᠦᠷᠦᠯ ᠵᠦᠢ᠍ᠯ᠎ᠤᠨ ᠬᠥᠲᠥᠯᠥᠨ ᠵᠢᠯᠤᠭᠣᠳᠬᠤ ᠦᠢ᠍ᠯᠡᠳᠦᠯ᠎ᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠦᠢ᠍ᠯᠡᠴᠢᠯᠡᠬᠦ ᠤᠬᠠᠮᠰᠠᠷ ᠴᠢᠳᠠᠪᠤᠷᠢ ᠵᠢ ᠳᠠᠰᠤᠷᠠᠯᠳᠠ ᠦᠭᠡᠢ ᠴᠢᠩᠭ᠋ᠠᠳᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠨ ᠬᠡᠷᠡᠭᠵᠢᠭᠦᠯᠵᠦ᠂ ᠵᠢᠷᠭᠤᠭ᠋ᠠᠨ ᠶᠡᠬᠡ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠦᠪᠯᠡᠷᠡᠬᠦᠯᠵᠦ ᠭᠣᠣᠯ ᠰᠢᠵᠢᠮ᠎ᠤᠨ ᠲᠣᠭᠣᠷᠢᠨ᠎ᠳᠤ ᠰᠡᠳᠦᠪ᠎ᠤᠨ ᠰᠤᠳᠤᠯᠭ᠋ᠠᠨ᠎ᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ 30 ᠲᠥᠷᠥᠯ ᠵᠦᠢ᠍ᠯ᠎ᠢ ᠬᠡᠷᠡᠭᠵᠢᠭᠦᠯᠵᠦ᠂ ᠨᠢᠭᠡ ᠪᠦᠯᠦᠭ ᠰᠤᠳᠤᠯᠭ᠋ᠠᠨ᠎ᠤ ᠮᠡᠳᠡᠭᠦᠯᠦᠯᠲᠡ᠂ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠪᠠ ᠰᠢᠢ᠍ᠳᠪᠦᠷᠢᠲᠦ ᠪᠣᠳᠣᠯᠭ᠎ᠠ ᠵᠢᠨ ᠮᠡᠳᠡᠭᠦᠯᠦᠯᠲᠡ ᠵᠢ ᠭᠠᠷᠭ᠋ᠠᠬᠤ᠎ᠪᠠᠷ ᠪᠣᠢ᠃ ᠰᠤᠷᠪᠤᠯᠵᠢᠯᠠᠨ ᠪᠠᠢ᠌ᠴᠠᠭ᠋ᠠᠨ ᠰᠤᠳᠤᠯᠤᠯᠲᠠ ᠬᠢᠬᠦ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ᠎ᠪᠠᠷ ᠲᠠᠮᠵᠢᠭᠤᠯᠵᠦ᠂ ᠲᠥᠷᠥᠯ ᠵᠦᠢ᠍ᠯ᠎ᠤᠨ ᠲᠣᠬᠢᠷᠠᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠣᠳᠣᠬᠠᠨ᠎ᠳᠤ 10 ᠰᠡᠳᠦᠪ᠎ᠨᠢ ᠨᠢᠭᠡᠨᠲᠡ ᠠᠩᠬᠠᠨ᠎ᠤ ᠡᠬᠡ ᠨᠣᠣᠷᠠᠭ᠎ᠲᠠᠢ ᠪᠤᠯᠵᠦ᠂ 2 ᠴᠢᠬᠤᠯᠠ ᠶᠡᠬᠡ ᠨᠠᠶ᠋ᠢᠳᠠᠯᠭ᠎ᠠ ᠵᠢᠨ ᠰᠡᠳᠦᠪ᠎ᠨᠢ ᠨᠢᠭᠡᠨᠲᠡ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠲᠠ ᠵᠢᠨ ᠮᠡᠳᠡᠭᠦᠯᠦᠯᠲᠡ ᠪᠤᠯᠵᠦ᠂ 2 ᠰᠡᠳᠦᠪ᠎ᠨᠢ ᠨᠢᠭᠡᠨᠲᠡ ᠱᠠᠲᠤ ᠦᠶᠡᠴᠢ ᠴᠢᠨᠠᠷᠲᠠᠢ ᠮᠡᠳᠡᠭᠦᠯᠦᠯᠲᠡ ᠪᠠ ᠥᠭᠦᠯᠡᠯ᠎ᠤᠨ ᠦᠷ᠎ᠡ ᠪᠦᠲᠦᠭᠡᠯ ᠪᠤᠯᠵᠦ ᠪᠦᠷᠢᠯᠳᠦᠪᠡ᠃ ᠵᠢᠱ᠌ᠢᠶᠡᠯᠡᠪᠡᠯ ᠴᠢᠬᠤᠯᠠ ᠶᠡᠬᠡ ᠨᠠᠶ᠋ᠢᠳᠠᠯᠭ᠎ᠠ ᠵᠢᠨ ᠲᠦᠷᠦᠯ ᠵᠦᠢ᠍ᠯ 《ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠤᠨ ᠲᠤᠭᠤᠷᠢᠨ᠎ᠳᠠᠬᠢ ᠰᠤᠳᠤᠯᠤᠯ》᠎ᠨᠢ ᠨᠢᠭᠡᠨᠲᠡ ᠭᠤᠸᠠᠩ ᠮᠢᠩ ᠡᠳᠦᠷ᠎ᠤᠨ ᠰᠣᠨᠢᠨ᠂ ᠥᠪᠥᠷ ᠮᠣᠩᠭᠣᠯ᠎ᠤᠨ ᠡᠳᠦᠷ᠎ᠤᠨ ᠰᠣᠨᠢᠨ ᠵᠡᠷᠭᠡ ᠭᠣᠣᠯ ᠵᠠᠭᠤᠴᠢᠯᠠᠭᠤᠷ᠎ᠲᠤ 3 ᠤᠨᠤᠯ᠎ᠤᠨ ᠵᠣᠬᠢᠶᠠᠯ ᠨᠡᠢ᠌ᠲᠡᠯᠡᠵᠡᠢ᠃
ᠬᠣᠶᠠᠷ᠂ ᠰᠤᠳᠤᠯᠭ᠋ᠠᠨ᠎ᠤ ᠰᠠᠭᠤᠷᠢᠨ ᠭᠠᠵᠠᠷ᠎ᠤᠨ ᠭᠣᠣᠯ ᠬᠦᠴᠦᠨ᠎ᠤ ᠦᠢ᠍ᠯᠡᠳᠦᠯ᠎ᠢ ᠪᠠᠳᠠᠷᠠᠭᠤᠯᠵᠤ᠂ ᠦᠨᠳᠦᠰᠦᠲᠡᠨ᠎ᠤ ᠠᠵᠢᠯ᠎ᠳᠤ ᠦᠢ᠍ᠯᠡᠴᠢᠯᠡᠬᠦ ᠦᠢ᠍ᠯᠡᠳᠦᠯᠭᠡ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠢᠨᠵᠧᠨᠧᠷᠢᠩ᠎ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠲᠤᠭᠳᠠᠭ᠋ᠠᠬᠤ ᠵᠢ ᠵᠢᠯᠤᠭᠤᠳᠴᠦ᠂ ᠰᠢᠢ᠍ᠳᠪᠦᠷᠢᠲᠦ ᠪᠣᠳᠣᠯᠭ᠎ᠠ ᠵᠢᠨ ᠵᠥᠪᠯᠡᠯᠭᠡ ᠥᠭᠬᠦ᠂ ᠤᠨᠤᠯ᠎ᠤᠨ ᠰᠢᠨ᠎ᠡ ᠵᠢ ᠡᠭᠦᠳᠬᠦ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ᠂ ᠴᠢᠳᠠᠪᠤᠷᠢᠲᠠᠨ᠎ᠢ ᠬᠥᠮᠥᠵᠢᠭᠦᠯᠬᠦ᠂ ᠨᠡᠢ᠌ᠭᠡᠮ᠎ᠤᠨ ᠦᠢ᠍ᠯᠡᠴᠢᠯᠡᠭᠡ ᠬᠢᠬᠦ ᠵᠡᠷᠭᠡ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠎ᠪᠠᠨ ᠬᠢᠨᠠᠮᠠᠭ᠋ᠠᠢ ᠬᠦᠢ᠍ᠴᠡᠳᠭᠡᠪᠡ᠃ ᠳᠡᠭᠡᠷ᠎ᠡ ᠬᠠᠭ᠋ᠠᠰ ᠵᠢᠯ᠎ᠠᠴᠠ ᠨᠠᠭ᠋ᠠᠰᠢ᠂ ᠪᠦᠬᠦ ᠣᠷᠣᠨ᠎ᠤ ᠰᠤᠳᠤᠯᠭ᠋ᠠᠨ (ᠬᠦᠮᠦᠵᠢᠯ)᠎ᠤ ᠰᠠᠭᠤᠷᠢᠨ ᠭᠠᠵᠠᠷ᠎ᠨᠢ 160 ᠭᠠᠷᠤᠢ ᠤᠳᠠᠭ᠎ᠠ ᠤᠬᠠᠭᠤᠯᠤᠨ ᠲᠠᠢ᠌ᠯᠪᠤᠷᠢᠯᠠᠬᠤ᠎ᠳᠤ ᠣᠷᠣᠯᠴᠠᠵᠠᠢ᠃ 13 ᠪᠦᠳᠦᠭᠡᠯ ᠬᠡᠪᠯᠡᠭᠦᠯᠵᠦ᠂ 100 ᠭᠠᠷᠤᠢ ᠡᠷᠳᠡᠮ ᠰᠢᠨᠵᠢᠯᠡᠭᠡᠨ᠎ᠤ ᠵᠣᠬᠢᠶᠠᠯ ᠨᠡᠢ᠌ᠲᠡᠯᠡᠭᠦᠯᠪᠡ᠃ 30 ᠬᠤᠪᠢ ᠪᠠᠢ᠌ᠴᠠᠭ᠋ᠠᠨ ᠰᠤᠳᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠵᠢᠨ ᠵᠦᠪᠯᠡᠯᠭᠡ ᠵᠢᠨ ᠮᠡᠳᠡᠭᠦᠯᠦᠯᠲᠡ ᠴᠣᠬᠣᠯᠠᠪᠤᠷᠢ ᠣᠯᠵᠤ ᠠᠰᠢᠭᠯᠠᠭᠳᠠᠪᠠ᠃ ᠵᠢᠱ᠌ᠢᠶᠡᠯᠡᠪᠡᠯ ᠥᠪᠥᠷ ᠮᠣᠩᠭᠣᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠦᠵᠡᠯ ᠰᠠᠨᠠᠭ᠋ᠠᠨ᠎ᠤ ᠬᠥᠮᠥᠷᠭᠡ ᠪᠠ ᠤᠶᠤᠨ᠎ᠤ ᠪᠦᠯᠬᠦᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠬᠦᠷᠢᠶᠡᠯᠡᠩ᠎ᠢ ᠤᠷᠢᠳᠠᠪᠠᠷ ᠪᠠᠢ᠌ᠭᠤᠯᠪᠠ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠳᠡᠭᠡᠳᠦ ᠰᠤᠷᠭ᠋ᠠᠭᠤᠯᠢ ᠵᠢ ᠪᠠᠢ᠌ᠭᠤᠯᠪᠠ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ》 ᠵᠢ ᠪᠡᠬᠢᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠢ ᠲᠤᠭᠤᠰᠢᠯᠠᠭᠤᠯᠵᠦ᠂ 《ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠢ᠌ᠭᠤᠯᠤᠯᠲᠠ ᠵᠢᠨ ᠤᠨᠤᠯ ᠪᠣᠯᠣᠨ ᠦᠢ᠍ᠯᠡᠳᠦᠯᠭᠡ》 ᠭᠡᠬᠦ ᠲᠤᠰᠬᠠᠢ ᠪᠦᠲᠦᠭᠡᠯ᠎ᠢ ᠬᠡᠪᠯᠡᠭᠦᠯᠵᠦ᠂ ᠶᠡᠭᠡ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠰᠤᠷᠤᠭᠴᠢᠳ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠠᠭᠤᠰᠤᠯᠴᠠᠭᠤᠯᠬᠤ᠎ᠪᠠᠷ ᠲᠦᠯᠦᠪᠯᠡᠵᠦ᠂ ᠵᠠᠯᠠᠭᠤ ᠰᠤᠷᠤᠭᠴᠢᠳ᠎ᠤᠨ ᠲᠠᠪᠤᠨ ᠮᠡᠳᠡᠷᠡᠬᠦᠢ ᠵᠢ ᠤᠯᠠᠮ ᠴᠠᠭ᠋ᠠᠰᠢᠲᠠ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠳᠠᠳᠠᠢ ᠲᠥᠷᠥᠭᠳᠡᠯ᠎ᠲᠠᠢ ᠪᠦᠳᠦᠮᠵᠢ᠎ᠲᠠᠢ ᠴᠣᠭᠴᠠᠯᠠᠨ ᠪᠠᠶ᠋ᠢᠭᠤᠯᠬᠤ ᠵᠢ ᠬᠥᠲᠥᠯᠥᠨ ᠵᠢᠯᠤᠭᠤᠳᠴᠠᠢ᠃
ᠭᠤᠷᠪᠠ᠂ ᠠᠵᠢᠯ᠎ᠤᠨ ᠲᠣᠭᠲᠠᠴᠠ ᠵᠢᠨ ᠪᠠᠳᠤᠯᠠᠭ᠎ᠠ ᠵᠢᠨ ᠦᠢ᠍ᠯᠡᠳᠦᠯ᠎ᠢ ᠪᠠᠳᠠᠷᠠᠭᠤᠯᠵᠤ᠂ ᠤᠨᠤᠯ᠎ᠤᠨ ᠰᠤᠳᠤᠯᠭ᠋ᠠᠨ᠎ᠤ ᠰᠢᠰᠲᠸᠮ᠎ᠤᠨ ᠪᠠᠢ᠌ᠭᠤᠯᠤᠯᠲᠠ᠎ᠳᠤ ᠦᠢ᠍ᠯᠡᠴᠢᠯᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠥᠪᠥᠷ ᠮᠣᠩᠭᠣᠯ ᠰᠠᠭᠤᠷᠢᠨ ᠭᠠᠵᠠᠷ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠢ ᠤᠯᠠᠷᠢᠭᠤᠯᠬᠤ᠂ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠭ᠎ᠠ ᠥᠭᠬᠦ ᠴᠢᠳᠠᠪᠤᠷᠢ ᠵᠢ ᠳᠡᠭᠡᠭᠰᠢᠯᠡᠭᠦᠯᠬᠦ ᠵᠢ ᠣᠨ᠎ᠤ ᠭᠣᠣᠯᠳᠠᠯᠭ᠎ᠠ᠎ᠲᠠᠢ ᠡᠭᠦᠷᠭᠡ ᠪᠣᠯᠭ᠋ᠠᠵᠤ᠂ 《ᠲᠠᠪᠤᠨ ᠶᠡᠬᠡ ᠲᠣᠭᠲᠠᠴᠠ ᠵᠢ ᠲᠡᠭᠦᠯᠳᠡᠷᠵᠢᠭᠦᠯᠵᠦ ᠦᠷ᠎ᠡ ᠪᠦᠲᠦᠭᠡᠯ᠎ᠤᠨ ᠤᠯᠠᠷᠢᠭᠤᠯᠤᠯᠳᠠ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠮᠡᠳᠡᠭᠡ ᠵᠠᠩᠭᠢ ᠵᠢ ᠰᠢᠯᠭ᠋ᠠᠨ ᠦᠨᠡᠯᠡᠬᠦ ᠲᠣᠭᠲᠠᠴᠠ᠂ ᠰᠠᠭᠤᠷᠢᠨ ᠭᠠᠵᠠᠷ᠎ᠢ ᠬᠠᠮᠲᠤ᠎ᠪᠠᠷ ᠪᠠᠶ᠋ᠢᠭᠤᠯᠬᠤ ᠲᠣᠭᠲᠠᠴᠠ᠂ ᠠᠵᠢᠯ᠎ᠤᠨ ᠲᠣᠬᠢᠷᠠᠭᠤᠯᠤᠯᠲᠠ ᠵᠢᠨ ᠲᠣᠭᠲᠠᠴᠠ᠂ ᠬᠥᠬᠢᠭᠦᠯᠦᠨ ᠱᠠᠩᠨᠠᠬᠤ ᠲᠣᠭᠲᠠᠴᠠ᠂ ᠬᠢᠨᠠᠨ ᠵᠢᠯᠤᠭᠣᠳᠴᠤ ᠰᠢᠯᠭ᠋ᠠᠨ ᠬᠢᠨᠠᠬᠤ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠬᠦᠯᠬᠦ ᠵᠡᠷᠭᠡ ᠲᠠᠯ᠎ᠠ᠎ᠠᠴᠠ ᠭᠠᠷᠳᠠᠵᠤ᠂ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ (2023— 2027 ᠣᠨ)᠎ᠢ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ 2023 ᠣᠨ᠎ᠤ ᠬᠥᠬᠡ ᠭᠠᠳᠠᠷᠲᠤ ᠨᠤᠮ᠎ᠢ ᠨᠠᠢ᠌ᠷᠠᠭᠤᠯᠤᠨ ᠪᠢᠴᠢᠵᠦ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠮᠠᠲ᠋ᠧᠷᠢᠶᠠᠯ · ᠥᠪᠥᠷ ᠮᠣᠩᠭᠣᠯ᠎ᠤᠨ ᠪᠤᠳᠢ》 ᠵᠢ ᠨᠠᠢ᠌ᠷᠠᠭᠤᠯᠤᠨ ᠪᠢᠴᠢᠵᠦ᠂ 《ᠨᠠᠨᠵᠢᠩ᠎ᠤᠨ ᠰᠡᠭᠡᠭᠡᠳᠡᠳ ᠲᠠᠯ᠎ᠠ ᠨᠤᠲᠤᠭ᠎ᠲᠤ》 ᠭᠡᠬᠦ ᠲᠤᠰᠬᠠᠢ ᠰᠡᠳᠦᠪ᠎ᠤᠨ ᠰᠤᠳᠤᠯᠭ᠋ᠠᠨ᠎ᠢ ᠥᠷᠨᠢᠭᠦᠯᠪᠡ᠃ ᠪᠥᠬᠥ ᠣᠷᠣᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠣᠯᠪᠣᠭ᠎ᠠ ᠵᠢ ᠵᠢᠯᠣᠭᠣᠳᠤᠨ ᠪᠠᠢ᠌ᠭᠤᠯᠵᠤ᠂ ᠬᠤᠯᠪᠤᠭ᠋ᠠᠨ᠎ᠤ ᠠᠵᠢᠯ᠎ᠤᠨ ᠳᠦᠷᠢᠮ᠎ᠢ ᠪᠠᠢ᠌ᠭᠤᠯᠤᠨ ᠲᠡᠭᠦᠯᠳᠡᠷᠵᠢᠬᠦᠯᠵᠦ᠂ ᠰᠤᠳᠤᠯᠭ᠋ᠠᠨ᠎ᠤ ᠬᠦᠴᠦᠨ᠎ᠢ ᠨᠡᠢ᠌ᠳᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ ᠪᠠ ᠦᠢ᠍ᠯᠡᠳᠦᠯᠭᠡ ᠵᠢᠨ ᠰᠤᠳᠤᠯᠭ᠋ᠠᠨ᠎ᠢ ᠭᠦᠨᠵᠡᠭᠡᠢ᠌ᠷᠡᠬᠦᠯᠵᠦ᠂ ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠣᠯ᠎ᠤᠨ ᠰᠢᠰᠲᠸᠮ᠎ᠤᠨ ᠪᠠᠢ᠌ᠭᠤᠯᠤᠯᠲᠠ ᠵᠢ ᠪᠦᠷᠢᠨᠰᠢᠬᠦᠯᠦᠨ ᠲᠡᠭᠦᠯᠳᠡᠷᠵᠢᠭᠦᠯᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ