ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠥᠪᠥᠷ ᠮᠣᠩᠭᠣᠯ ᠵᠢᠭᠤᠯᠴᠢᠯᠠᠯ ᠵᠶ᠋ᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠵᠠᠮ ᠬᠠᠷᠢᠯᠴᠠᠭ᠋ᠠᠨ᠎ᠤ ᠰᠣᠳᠣᠨ ᠱᠤᠭᠤᠮ 《ᠠᠭᠤᠰᠤᠯᠴᠠᠭ᠎ᠠ ᠵᠢᠨ ᠵᠠᠮ》᠎ᠢ ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠵᠢ ᠡᠷᠭᠢᠯᠡᠪᠡ
ᠨᠡᠶ᠋ᠢᠲᠡᠯᠡᠭᠰᠡᠨ ᠴᠠᠭ᠄ 2024-08-23

      2024 ᠣᠨ᠎ᠤ 8 ᠳ᠋ᠤᠭ᠋ᠠᠷ ᠰᠠᠷ᠎ᠠ ᠵᠢᠨ 17᠎ᠠᠴᠠ 18᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠵᠢᠯᠣᠭᠣᠳᠴᠤ᠂ ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠬᠣᠲᠠ ᠵᠢᠨ ᠦᠨᠳᠦᠰᠦᠲᠡᠨ᠎ᠤ ᠵᠥᠪᠯᠡᠯ᠂ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠴᠢ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠭᠰᠡᠨ ᠵᠢᠭᠤᠯᠴᠢᠯᠠᠯ ᠵᠶ᠋ᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠵᠠᠮ ᠬᠠᠷᠢᠯᠴᠠᠭ᠋ᠠᠨ᠎ᠤ ᠰᠣᠳᠣᠨ ᠱᠤᠭᠤᠮ 《ᠠᠭᠤᠰᠤᠯᠴᠠᠭ᠎ᠠ ᠵᠢᠨ ᠵᠠᠮ》 ᠎ᠢ ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠬᠥᠯᠥᠨ ᠪᠣᠶ᠋ᠢᠷ ᠬᠣᠲᠠ ᠵᠢᠨ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠳᠤ ᠶᠠᠪᠤᠭᠳᠠᠪᠠ᠃ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠵᠤᠷᠭ᠋ᠠᠨ᠂ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ᠂ ᠦᠨᠳᠦᠰᠦᠲᠡᠨ᠎ᠤ ᠵᠢᠷᠤᠭᠲᠤ ᠰᠡᠳᠬᠦᠯ᠂ ᠳᠤᠮᠳᠠᠳᠤ ᠤᠯᠤᠰ᠎ᠤᠨ ᠦᠨᠳᠦᠰᠦᠲᠡᠨ ᠰᠣᠨᠢᠨ᠎ᠤ ᠬᠣᠯᠪᠣᠭᠳᠠᠯ ᠪᠥᠬᠥᠶ ᠤᠳᠤᠷᠢᠳᠬᠤ ᠺᠠᠳ᠋ᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠮᠡᠯ ᠹᠷᠣᠨᠲ᠂ ᠦᠨᠳᠦᠰᠦᠲᠡᠨ᠂ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠬᠣᠯᠪᠣᠭᠳᠠᠯ ᠪᠥᠬᠥᠶ ᠤᠳᠤᠷᠢᠳᠬᠤ ᠺᠠᠳ᠋ᠷ᠂ ᠪᠡᠭᠡᠵᠢᠩ ᠬᠣᠲᠠ᠂ ᠾᠤᠪᠸᠢ ᠮᠤᠵᠢ᠂ ᠱᠠᠨ ᠰᠢ ᠮᠤᠵᠢ᠂ ᠾᠧᠨᠠᠨ ᠮᠤᠵᠢ᠂ ᠬᠠᠷᠠᠮᠥ᠋ᠷᠡᠨ ᠮᠤᠵᠢ ᠵᠢᠨ ᠨᠢᠭᠡᠳᠦᠮᠡᠯ ᠹᠷᠣᠨᠲ᠂ ᠦᠨᠳᠦᠰᠦᠲᠡᠨ᠎ᠤ ᠰᠠᠯᠠᠭ᠎ᠠ ᠮᠥᠴᠢᠷ᠎ᠤᠨ ᠬᠣᠯᠪᠣᠭᠳᠠᠯ ᠪᠥᠬᠥᠶ ᠤᠳᠤᠷᠢᠳᠬᠤ ᠺᠠᠳ᠋ᠷ᠂ ᠥᠪᠥᠷ ᠮᠣᠩᠭᠣᠯ᠎ᠤᠨ ᠬᠥᠬᠡᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠤᠯᠠᠭ᠋ᠠᠨᠴᠠᠪ ᠬᠣᠲᠠ᠂ ᠱᠠᠨ ᠰᠢ ᠮᠤᠵᠢ ᠵᠢᠨ ᠳ᠋ᠠᠲ᠋ᠦ᠋ᠩ ᠬᠣᠲᠠ᠂ ᠾᠧᠨᠠᠨ ᠮᠤᠵᠢ ᠵᠢᠨ ᠯᠥᠸᠸᠶᠠᠩ ᠬᠣᠲᠠ ᠵᠡᠷᠭᠡ ᠭᠠᠵᠠᠷ᠎ᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠤᠳᠤᠷᠢᠳᠬᠤ ᠺᠠᠳ᠋ᠷ ᠵᠢᠴᠢ ᠬᠣᠯᠪᠣᠭᠳᠠᠯ ᠪᠥᠬᠥᠶ ᠭᠠᠵᠠᠷ ᠣᠷᠣᠨ᠎ᠤ ᠵᠠᠭᠤᠴᠢᠯᠠᠭᠤᠷ᠎ᠤᠨ ᠰᠤᠷᠪᠤᠯᠵᠢᠯᠠᠭᠴᠢ ᠵᠢᠨ ᠪᠦᠯᠬᠦᠮ ᠲᠣᠰ ᠤᠳᠠᠭ᠋ᠠᠨ᠎ᠤ ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ᠎ᠳᠤ ᠣᠷᠣᠯᠴᠠᠪᠠ᠃
       ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠵᠢᠨ ᠤᠳᠤᠷᠢᠳᠤᠮᠵᠢ᠎ᠨᠢ ᠢᠯᠡ ᠲᠣᠳᠣ᠃ ᠲᠣᠰ ᠠᠵᠢᠯᠯᠠᠭ᠎ᠠ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠣᠰᠣᠯᠴᠠᠭ᠎ᠠ ᠵᠢ ᠠᠬᠢᠭᠤᠯᠬᠤ ᠲᠥᠯᠥᠪᠯᠡᠭᠡ ᠵᠢ ᠬᠡᠷᠡᠭᠵᠢᠭᠦᠯᠬᠦ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠥᠪᠥᠷ ᠮᠣᠩᠭᠣᠯ᠎ᠤᠨ ᠥᠨᠢ ᠤᠳᠠᠭ᠋ᠠᠨ ᠲᠡᠦᠬᠡ ᠰᠣᠶᠣᠯ ᠪᠠ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠦᠨ᠎ᠡ ᠥᠷᠲᠡᠭ᠎ᠤᠨ ᠠᠭᠤᠯᠤᠭᠳᠠᠬᠤᠨ᠎ᠢ ᠳᠡᠭᠡᠭᠰᠢᠯᠡᠭᠦᠯᠬᠦ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠠᠪᠴᠠᠩ ᠪᠠ ᠠᠴᠢᠶᠠᠯᠠᠭᠴᠢ ᠪᠣᠯᠭ᠋ᠠᠬᠤ᠎ᠪᠠᠷ ᠬᠦᠴᠦᠯᠡᠨ ᠴᠢᠷᠮᠠᠶ᠋ᠢᠪᠠ᠃
       ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠵᠢᠨ ᠬᠠᠷᠠᠯᠲᠠ᠎ᠨᠢ ᠲᠣᠳᠣᠷᠬᠠᠶ᠃ ᠠᠵᠢᠯᠯᠠᠭ᠎ᠠ᠎ᠨᠢ ᠲᠣᠪᠠ ᠰᠢᠶᠡᠨᠪᠢ ᠵᠢᠨ ᠡᠭᠦᠰᠦᠯ᠎ᠤᠨ ᠭᠠᠵᠠᠷ ᠪᠣᠯᠬᠤ ᠭᠠᠰᠢᠶᠠᠨ ᠠᠭᠤᠢ ᠵᠢᠨ ᠦᠵᠡᠮᠵᠢ ᠵᠢᠨ ᠣᠷᠣᠨ᠎ᠤ ᠡᠬᠢ ᠪᠠᠶᠠᠯᠢᠭ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠾᠧᠨᠠᠨ ᠮᠤᠵᠢ᠂ ᠱᠠᠨ ᠰᠢ ᠮᠤᠵᠢ ᠵᠡᠷᠭᠡ ᠬᠠᠮᠢᠶ᠎ᠠ ᠪᠥᠬᠥᠶ ᠭᠠᠵᠠᠷ ᠣᠷᠣᠨ᠎ᠤ ᠵᠢᠭᠤᠯᠴᠢᠯᠠᠯ᠎ᠤᠨ ᠡᠬᠢ ᠪᠠᠶᠠᠯᠢᠭ ᠪᠣᠯᠤᠨ ᠲᠣᠪᠠ ᠰᠢᠶᠡᠨᠪᠢ ᠵᠢᠨ ᠨᠡᠭᠦᠳᠡᠯ ᠪᠠ ᠬᠥᠭᠵᠢᠯᠲᠡ ᠵᠢᠨ ᠲᠡᠦᠬᠡ᠎ᠪᠠᠷ  ᠠᠴᠢᠶᠠᠯᠠᠭᠴᠢ ᠪᠣᠯᠭ᠋ᠠᠵᠤ᠂ ᠡᠯ᠎ᠡ ᠭᠠᠵᠠᠷ ᠣᠷᠣᠨ᠎ᠢ ᠬᠣᠯᠪᠣᠭᠰᠠᠨ ᠵᠢᠭᠤᠯᠴᠢᠯᠠᠯ ᠵᠶ᠋ᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠵᠠᠮ ᠬᠠᠷᠢᠯᠴᠠᠭ᠋ᠠᠨ᠎ᠤ ᠰᠣᠳᠣᠨ ᠱᠤᠭᠤᠮ 《ᠠᠭᠤᠰᠤᠯᠴᠠᠭ᠎ᠠ ᠵᠢᠨ ᠵᠠᠮ》᠎ᠢ ᠭᠠᠷᠭ᠋ᠠᠪᠠ᠃ ᠵᠠᠮ ᠱᠤᠭᠤᠮ᠎ᠨᠢ ᠥᠪᠥᠷ ᠮᠣᠩᠭᠣᠯ᠎ᠤᠨ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠤᠯᠠᠭ᠋ᠠᠨᠬᠠᠳᠠ ᠬᠣᠲᠠ᠂ ᠤᠯᠠᠭ᠋ᠠᠨᠴᠠᠪ ᠬᠣᠲᠠ᠂ ᠬᠥᠬᠡᠬᠣᠲᠠ ᠵᠢᠴᠢ ᠱᠠᠨ ᠰᠢ ᠵᠢᠨ ᠳ᠋ᠠᠲ᠋ᠦ᠋ᠩ ᠬᠣᠲᠠ᠂ ᠾᠧᠨᠠᠨ᠎ᠤ ᠯᠦᠸᠧᠶᠠᠩ ᠬᠣᠲᠠ ᠵᠡᠷᠭᠡ ᠭᠠᠵᠠᠷ ᠣᠷᠣᠨ᠎ᠢ ᠬᠣᠯᠪᠣᠵᠤ ᠪᠠᠶ᠋ᠢᠳᠠᠭ᠃ ᠲᠣᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠵᠤ᠂ ᠵᠠᠮ ᠳᠠᠭ᠋ᠠᠤ ᠵᠢᠨ ᠡᠯ᠎ᠡ ᠭᠠᠵᠠᠷ᠎ᠤᠨ ᠵᠢᠭᠤᠯᠴᠢᠯᠠᠯ᠎ᠤᠨ ᠳᠡᠯᠭᠡᠷᠡᠭᠦᠯᠦᠯᠲᠡ ᠲᠠᠨᠢᠯᠴᠠᠭᠤᠯᠭ᠎ᠠ᠂ ᠤᠬᠠᠭᠤᠯᠭ᠎ᠠ ᠵᠢᠯᠣᠭᠣᠳᠣᠯᠭ᠎ᠠ᠂ ᠠᠭᠤᠯᠤᠭᠳᠠᠬᠤᠨ᠎ᠤ ᠳᠡᠭᠡᠭᠰᠢᠯᠡᠯᠲᠡ᠂ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠣᠶ᠋ᠢᠵᠢᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠡᠷᠭᠡ ᠲᠠᠯ᠎ᠠ᠎ᠪᠠᠷ᠎ᠬᠢ ᠬᠠᠮᠲᠤᠷᠠᠯᠴᠠᠭ᠎ᠠ ᠰᠣᠯᠢᠯᠴᠠᠭ᠎ᠠ ᠵᠢ ᠤᠯᠠᠮ ᠨᠢᠭᠡ ᠠᠯᠬᠤᠮ ᠬᠥᠭᠵᠢᠭᠡᠵᠦ᠂ ᠡᠯᠪᠡᠭ ᠪᠠᠶᠠᠯᠢᠭ ᠲᠡᠦᠬᠡ ᠰᠣᠶᠣᠯ᠎ᠤᠨ ᠡᠬᠢ ᠪᠠᠶᠠᠯᠢᠭ᠂ ᠰᠢᠨ᠎ᠡ ᠰᠡᠪᠡᠭᠦᠨ ᠳᠡᠯᠭᠡᠨ ᠦᠵᠡᠭᠦᠯᠵᠦ ᠪᠡᠶᠡᠴᠢᠯᠡᠨ ᠣᠶ᠋ᠢᠯᠠᠭ᠋ᠠᠬᠤ ᠠᠷᠭ᠎ᠠ ᠬᠡᠯᠪᠡᠷᠢ ᠪᠠ ᠣᠯᠠᠨ ᠶᠠᠩᠵᠤ ᠵᠢᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠳᠡᠯᠭᠡᠷᠡᠭᠦᠯᠬᠦ ᠵᠠᠭᠪᠤᠷ ᠵᠶ᠋ᠠᠷ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠵᠢᠯ᠎ᠠᠴᠠ ᠨᠢᠭᠡ ᠴᠣᠭᠴᠠᠵᠢᠭᠰᠠᠨ ᠲᠡᠦᠬᠡᠨ ᠳᠤᠮᠳᠠ ᠠᠮᠢᠳᠤᠯᠢᠭ ᠵᠶ᠋ᠠᠷ ᠶᠠᠷᠢᠵᠤ᠂ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠠᠬᠢᠴᠠ᠎ᠳᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ  ᠠᠭᠤᠰᠤᠯᠴᠠᠭ᠎ᠠ ᠵᠢ ᠠᠬᠢᠭᠤᠯᠪᠠ᠃
       ᠳᠡᠯᠭᠡᠷᠡᠭᠦᠯᠦᠨ  ᠲᠠᠨᠢᠯᠴᠠᠭᠤᠯᠬᠤ ᠠᠵᠢᠯᠯᠠᠭ᠎ᠠ ᠵᠢᠨ ᠠᠭᠤᠯᠭ᠎ᠠ᠎ᠨᠢ ᠪᠠᠶᠠᠯᠢᠭ᠃ ᠠᠵᠢᠯᠯᠠᠭ᠎ᠠ᠎ᠳᠤ ᠵᠢᠭᠤᠯᠴᠢᠯᠠᠯ᠎ᠤᠨ ᠡᠬᠢ ᠪᠠᠶᠠᠯᠢᠭ᠎ᠢ ᠲᠠᠨᠢᠯᠴᠠᠭᠤᠯᠬᠤ ᠭᠣᠭᠴᠣᠭ᠎ᠠ ᠲᠣᠬᠢᠷᠠᠭᠤᠯᠵᠤ᠂ ᠱᠠᠨ ᠰᠢ ᠮᠤᠵᠢ ᠵᠢᠨ ᠳ᠋ᠠᠲ᠋ᠦ᠋ᠩ ᠬᠣᠲᠠ᠂ ᠾᠧᠨᠠᠨ ᠮᠤᠵᠢ ᠵᠢᠨ ᠯᠦᠸᠧᠶᠠᠩ ᠬᠣᠲᠠ ᠵᠡᠷᠭᠡ ᠭᠠᠵᠠᠷ ᠣᠷᠣᠨ ᠲᠣᠰ ᠭᠠᠵᠠᠷ ᠣᠷᠣᠨ᠎ᠤ᠎ᠪᠠᠨ 《ᠠᠭᠤᠰᠤᠯᠴᠠᠭ᠎ᠠ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠲᠣᠭᠣᠷᠢᠨ᠎ᠳᠤ ᠰᠣᠯᠢᠯᠴᠠᠭ᠎ᠠ ᠪᠠ ᠲᠠᠨᠢᠯᠴᠠᠭᠤᠯᠭ᠎ᠠ ᠬᠢᠪᠠ᠃ 《ᠠᠭᠤᠰᠤᠯᠴᠠᠭ᠎ᠠ ᠵᠢᠨ ᠵᠠᠮ》᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠭᠤᠯᠤᠭᠳᠠᠬᠤᠨ᠎ᠢ ᠲᠣᠳᠣᠷᠬᠠᠶ᠋ᠢᠯᠠᠨ ᠲᠠᠶ᠋ᠢᠯᠪᠤᠷᠢᠯᠠᠬᠤ ᠭᠣᠭᠴᠣᠭ᠎ᠠ ᠲᠣᠬᠢᠷᠠᠭᠤᠯᠵᠤ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ ᠵᠢᠨ ᠳᠡᠳ᠋ ᠳᠠᠷᠤᠭ᠎ᠠ᠂ ᠳᠡᠳ᠋ ᠶᠡᠷᠦᠩᠬᠡᠶ ᠨᠠᠶ᠋ᠢᠷᠠᠭᠤᠯᠤᠭᠴᠢ ᠦ᠋ ᠰᠢᠶᠤᠤ ᠬᠤᠸᠠ᠂ ᠬᠥᠯᠥᠨ ᠪᠣᠶ᠋ᠢᠷ᠎ᠤᠨ ᠮᠦᠽᠧᠶ ᠵᠢᠨ ᠤᠤᠯ᠎ᠤᠨ ᠵᠠᠬᠢᠷᠤᠯ ᠪᠠᠶ ᠵᠢᠨ ᠰᠥᠩ ᠵᠡᠷᠭᠡ ᠲᠤᠰᠬᠠᠶ ᠮᠡᠷᠭᠡᠵᠢᠯᠲᠡᠨ ᠡᠷᠳᠡᠮᠲᠡᠨ᠎ᠢ ᠤᠷᠢᠵᠤ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠯᠭᠡᠵᠦ᠂ ᠲᠤᠪᠠ ᠰᠢᠶᠡᠨᠪᠢ ᠵᠢᠨ ᠨᠡᠭᠦᠳᠡᠯ ᠪᠠ ᠬᠥᠭᠵᠢᠯᠲᠡ ᠵᠢᠨ ᠲᠡᠦᠬᠡ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠣᠳᠣᠷᠬᠠᠶ᠋ᠢᠯᠠᠨ ᠲᠠᠶ᠋ᠢᠯᠪᠤᠷᠢᠯᠠᠪᠠ᠃ ᠣᠷᠴᠣᠨ ᠦᠨᠳᠦᠰᠦᠲᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ ᠭᠣᠭᠴᠣᠭ᠎ᠠ ᠵᠢ ᠲᠣᠬᠢᠷᠠᠭᠤᠯᠵᠤ᠂ ᠥᠪᠥᠷ ᠮᠣᠩᠭᠣᠯ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ ᠪᠠ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠤᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ ᠡᠷᠬᠢᠮ ᠨᠠᠨᠳᠢᠨ ᠵᠠᠩ ᠴᠢᠨᠠᠷ᠎ᠢ ᠭᠦᠢ᠍ᠴᠡᠳ ᠢᠯᠡᠷᠡᠭᠦᠯᠪᠡ᠃ ᠠᠵᠢᠯᠯᠠᠭ᠎ᠠ᠎ᠳᠤ ᠣᠷᠣᠯᠴᠠᠭᠰᠠᠳ ᠪᠠᠰᠠ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠤᠭᠰᠠᠨ ᠠᠵᠢᠯ᠎ᠤᠨ ᠪᠠᠶ᠋ᠢᠳᠠᠯ᠎ᠢ ᠲᠤᠬᠠᠶ ᠵᠢᠨ ᠭᠠᠵᠠᠷ᠎ᠲᠤ᠎ᠨᠢ ᠲᠣᠭᠣᠷᠢᠨ ᠦᠵᠡᠪᠡ᠃
      ᠣᠷᠴᠢᠮ᠎ᠤᠨ ᠵᠢᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠢ ᠪᠠᠷᠢᠮᠳᠠᠯᠠᠵᠤ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ ᠵᠶ᠋ᠠᠷ ᠰᠤᠶᠤᠯ᠎ᠢ ᠢᠯᠡᠷᠡᠭᠦᠯᠬᠦ ᠵᠢ ᠪᠠᠷᠢᠮᠳᠠᠯᠠᠵᠤ᠂ ᠵᠢᠭᠤᠯᠴᠢᠯᠠᠯ᠎ᠤᠨ ᠡᠬᠢ ᠪᠠᠶᠠᠯᠢᠭ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠦᠨ᠎ᠡ ᠥᠷᠲᠡᠭ᠎ᠤᠨ ᠠᠭᠤᠯᠤᠭᠳᠠᠬᠤᠨ᠎ᠢ ᠣᠯᠭᠤᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠦᠷᠨᠢᠭᠦᠯᠵᠦ᠂ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ᠎ᠤᠨ ᠭᠦᠨ ᠵᠤᠵᠠᠭ᠋ᠠᠨ ᠰᠣᠶᠣᠯ᠎ᠤᠨ ᠠᠭᠤᠯᠤᠭᠳᠠᠬᠤᠨ ᠪᠠ ᠬᠤᠪᠢᠰᠬᠠᠯ᠎ᠤᠨ ᠭᠧᠨ᠎ᠢ ᠵᠤᠵᠠᠭ᠋ᠠᠳᠬᠠᠵᠤ᠂ ᠦᠨᠳᠦᠰᠦᠲᠡᠨ᠎ᠨᠦᠭᠦᠳ᠎ᠤᠨ ᠵᠤᠭ᠋ᠠᠴᠠᠭᠰᠠᠳ᠎ᠢ ᠵᠢᠭᠤᠯᠴᠢᠯᠠᠨ ᠰᠣᠨᠢᠷᠬᠠᠬᠤ ᠳᠤᠮᠳᠠ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠨᠥᠯᠥᠭᠡᠯᠡᠯ᠎ᠢ ᠤᠬᠠᠮᠰᠠᠷ᠎ᠠᠴᠠ᠎ᠪᠠᠨ ᠬᠦᠯᠢᠶᠡᠨ ᠠᠪᠬᠤ ᠪᠣᠯᠭ᠋ᠠᠵᠤ᠂ ᠰᠤᠯᠠ ᠰᠡᠯᠡᠭᠦᠦ ᠴᠠᠭ ᠮᠥᠴᠡ᠎ᠳᠤ ᠤᠬᠠᠮᠰᠠᠷ᠎ᠠᠴᠠ᠎ᠪᠠᠨ ᠶᠠᠪᠤᠯᠴᠠᠭ᠎ᠠ ᠰᠣᠯᠢᠯᠴᠠᠭ᠎ᠠ  ᠠᠭᠤᠰᠤᠯᠴᠠᠭ᠎ᠠ᠎ᠳᠤ ᠣᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ ᠪᠠ ᠰᠢᠨ᠎ᠡ ᠵᠠᠮ ᠨᠡᠭᠡᠭᠡᠵᠦ᠂ ᠳᠤᠮᠳᠠ ᠪᠠᠢ᠌ᠷᠢᠨ᠎ᠳᠤ ᠣᠷᠣᠬᠤ᠎ᠳᠤ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ᠎ᠢ ᠨᠢᠭᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ