ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠬᠠᠮᠲᠤᠷᠠᠯ᠎ᠤᠨ ᠬᠦᠴᠦᠨ ᠵᠶ᠋ᠠᠨ ᠨᠢᠬᠳᠠᠷᠠᠭᠤᠯᠤᠨ ᠰᠠᠭᠤᠷᠢ᠎ᠪᠠᠨ ᠪᠡᠬᠢᠵᠢᠭᠦᠯᠦᠭᠰᠡᠨ ᠵᠶ᠋ᠡᠷ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ ᠰᠤᠳᠤᠯᠭ᠋ᠠᠨ᠎ᠤ ᠲᠦᠪᠰᠢᠨ ᠠᠯᠬᠤᠮ ᠠᠯᠬᠤᠮ ᠵᠶ᠋ᠠᠷ ᠲᠡᠭᠡᠭᠰᠢᠯᠡᠪᠡ
ᠨᠡᠶ᠋ᠢᠲᠡᠯᠡᠭᠰᠡᠨ ᠴᠠᠭ᠄ 2024-08-07

      ᠳᠡᠭᠡᠷ᠎ᠡ ᠬᠠᠭ᠋ᠠᠰ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠬᠦ ᠵᠢᠨ ᠲᠣᠭᠣᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠠᠭᠤᠷᠢ ᠣᠨᠣᠯ ᠪᠠ ᠥᠪᠥᠷ ᠮᠣᠩᠭᠣᠯ᠎ᠤᠨ ᠦᠢ᠍ᠯᠡᠳᠦᠯᠭᠡ ᠵᠢᠨ ᠰᠤᠳᠤᠯᠭ᠋ᠠᠨ᠎ᠢ ᠭᠦᠨᠵᠡᠭᠡᠢ ᠥᠷᠨᠢᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠠᠮᠢᠳᠤᠯᠢᠭ ᠦᠢ᠍ᠯᠡᠳᠦᠯᠭᠡ ᠵᠢ ᠭᠦᠨᠵᠡᠭᠡᠢ ᠲᠣᠳᠣᠷᠬᠠᠢ᠌ᠯᠠᠨ ᠦᠬᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠤᠳᠤᠯᠭ᠋ᠠᠨ᠎ᠤ ᠲᠠᠰᠤᠷᠠᠯᠲᠠ ᠦᠭᠡᠢ ᠭᠦᠨᠵᠡᠭᠡᠢ᠌ᠷᠡᠬᠦ ᠵᠢ ᠴᠢᠷᠮᠠᠢ᠌ᠨ ᠠᠬᠢᠭᠤᠯᠪᠠ᠃
      (ᠨᠢᠭᠡ) ᠳᠦᠷᠢᠮ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠳᠤᠯᠭ᠋ᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠲᠣᠭᠲᠠᠭᠤᠨ ᠵᠶ᠋ᠠᠷ ᠲᠡᠭᠡᠭᠰᠢᠯᠡᠬᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠢᠨᠵᠧᠨᠧᠷᠢᠩ᠎ᠢ ᠯᠠᠪᠳᠠᠭᠤᠨ ᠪᠠᠲᠤᠲᠠᠢ᠎ᠪᠠᠷ ᠠᠬᠢᠭᠤᠯᠵᠦ᠂ ᠪᠥᠬᠥ ᠣᠷᠣᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠭ᠋ᠠᠨ (ᠬᠦᠮᠦᠵᠢᠯ)᠎ᠤ ᠰᠠᠭᠤᠷᠢᠨ ᠭᠠᠵᠠᠷ 11 ᠵᠢ ᠨᠡᠷᠡᠢ᠌ᠳᠴᠦ᠂ ᠪᠥᠬᠥ ᠣᠷᠣᠨ᠎ᠤ ᠭᠣᠣᠯᠳᠠᠯᠭ᠎ᠠ᠎ᠲᠠᠢ ᠳᠡᠭᠡᠳᠦ ᠰᠤᠷᠭ᠋ᠠᠭᠤᠯᠢ ᠪᠠ ᠰᠤᠳᠤᠯᠭ᠋ᠠᠨ᠎ᠤ ᠪᠠᠢ᠌ᠭᠤᠯᠤᠮᠵᠢ ᠵᠢ ᠦᠨᠳᠦᠰᠦᠨ᠎ᠳᠤ᠎ᠪᠠᠨ ᠬᠠᠮᠤᠷᠪᠠ᠃ 《ᠲᠠᠪᠤᠨ ᠶᠡᠬᠡ ᠲᠣᠭᠲᠠᠴᠠ ᠵᠢ ᠪᠦᠷᠢᠨᠰᠢᠬᠦᠯᠵᠦ᠂ ᠦᠷ᠎ᠡ ᠪᠦᠲᠦᠭᠡᠯ᠎ᠤᠨ ᠤᠯᠠᠷᠢᠭᠤᠯᠤᠯᠳᠠ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠰᠠᠭᠤᠷᠢᠨ ᠭᠠᠵᠠᠷ᠎ᠤᠨ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢᠨ ᠰᠢᠰᠲᠸᠮ᠎ᠢ ᠲᠤᠭᠳᠠᠭ᠋ᠠᠵᠤ᠂ ᠪᠥᠬᠥ ᠣᠷᠣᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠪᠤᠯᠪᠠᠰᠤᠷᠠᠯ᠎ᠤᠨ ᠠᠩᠭᠢ ᠵᠢ ᠡᠷᠭᠢᠯᠡᠵᠦ᠂ ᠡᠯ᠎ᠡ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠲᠣᠭᠲᠠᠭ᠋ᠠᠬᠤ ᠵᠢ ᠵᠢᠯᠤᠭᠣᠳᠴᠤ᠂ ᠰᠠᠭᠤᠷᠢᠨ ᠭᠠᠵᠠᠷ᠎ᠤᠨ ᠰᠤᠳᠤᠯᠭ᠋ᠠᠨ᠎ᠤ ᠴᠢᠭᠯᠡᠯ᠎ᠢ ᠤᠯᠠᠮ ᠨᠢᠭᠡ ᠠᠯᠬᠤᠮ ᠲᠤᠳᠤᠷᠬᠠᠢ᠌ᠯᠠᠪᠠ᠃ ᠪᠥᠬᠥ ᠣᠷᠣᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠣᠯᠪᠣᠭ᠎ᠠ ᠵᠢ ᠵᠣᠬᠢᠶᠠᠨ ᠪᠠᠢ᠌ᠭᠤᠯᠤᠨ ᠪᠡᠯᠡᠳᠬᠡᠨ ᠪᠠᠢ᠌ᠭᠤᠯᠵᠤ᠂ ᠬᠤᠯᠪᠤᠭᠳᠠᠯ ᠪᠦᠬᠦᠢ ᠳᠦᠷᠢᠮ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠥᠬᠥ ᠣᠷᠣᠨ᠎ᠤ ᠰᠤᠳᠤᠯᠭ᠋ᠠᠨ᠎ᠤ (ᠬᠦᠮᠦᠵᠢᠯ) ᠰᠠᠭᠤᠷᠢᠨ ᠭᠠᠵᠠᠷ᠎ᠤᠨ ᠴᠢᠬᠤᠯᠠ ᠶᠡᠬᠡ ᠰᠠᠭᠤᠷᠢ ᠣᠨᠣᠯ ᠪᠠ ᠪᠣᠳᠠᠲᠠᠢ ᠠᠰᠠᠭᠤᠳᠠᠯ᠎ᠤᠨ ᠰᠤᠳᠤᠯᠭ᠋ᠠᠨ᠎ᠢ ᠨᠢᠭᠡᠳᠦᠯᠲᠡᠢ ᠲᠥᠯᠥᠪᠯᠡᠨ ᠵᠢᠯᠤᠭᠤᠳᠪᠠ᠃ ᠳᠡᠭᠡᠷ᠎ᠡ ᠬᠠᠭ᠋ᠠᠰ ᠵᠢᠯ᠎ᠠᠴᠠ ᠨᠠᠭ᠋ᠠᠰᠢ᠂ ᠪᠦᠬᠦ ᠣᠷᠣᠨ᠎ᠤ ᠰᠤᠳᠤᠯᠭ᠋ᠠᠨ (ᠬᠦᠮᠦᠵᠢᠯ)᠎ᠤ ᠰᠠᠭᠤᠷᠢᠨ ᠭᠠᠵᠠᠷ᠎ᠨᠢ 160 ᠭᠠᠷᠤᠢ ᠤᠳᠠᠭ᠎ᠠ ᠤᠬᠠᠭᠤᠯᠤᠨ ᠲᠠᠢ᠌ᠯᠪᠤᠷᠢᠯᠠᠬᠤ᠎ᠳᠤ ᠣᠷᠣᠯᠴᠠᠵᠠᠢ᠃ 13 ᠪᠦᠳᠦᠭᠡᠯ ᠬᠡᠪᠯᠡᠭᠦᠯᠵᠦ᠂ 100 ᠭᠠᠷᠤᠢ ᠡᠷᠳᠡᠮ ᠰᠢᠨᠵᠢᠯᠡᠭᠡᠨ᠎ᠤ ᠵᠣᠬᠢᠶᠠᠯ ᠨᠡᠢ᠌ᠲᠡᠯᠡᠭᠦᠯᠪᠡ᠃ 30 ᠬᠤᠪᠢ ᠪᠠᠢ᠌ᠴᠠᠭ᠋ᠠᠨ ᠰᠤᠳᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠵᠢᠨ ᠵᠦᠪᠯᠡᠯᠭᠡ ᠵᠢᠨ ᠮᠡᠳᠡᠭᠦᠯᠦᠯᠲᠡ᠎ᠨᠢ ᠴᠣᠬᠤᠪᠤᠷᠢᠯᠠᠭᠳᠠᠨ ᠬᠡᠷᠡᠭᠯᠡᠭᠳᠡᠪᠡ᠃
      (ᠬᠣᠶᠠᠷ) ᠦᠨᠳᠦᠰᠦᠲᠡᠨ᠎ᠤ ᠠᠵᠢᠯ᠎ᠤᠨ ᠣᠶᠤᠨ᠎ᠤ ᠬᠥᠮᠥᠷᠭᠡ ᠵᠢᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠣᠨᠣᠯ ᠪᠠ ᠦᠢ᠍ᠯᠡᠳᠦᠯᠭᠡ ᠵᠢᠨ ᠰᠤᠳᠤᠯᠭ᠋ᠠᠨ᠎ᠢ ᠲᠠᠰᠤᠷᠠᠯᠲᠠ ᠦᠭᠡᠢ ᠭᠦᠨᠵᠡᠭᠡᠢ᠌ᠷᠡᠭᠦᠯᠪᠡ᠃ ᠦᠨᠳᠦᠰᠦᠲᠡᠨ᠎ᠤ ᠠᠵᠢᠯ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠤᠳᠤᠯᠭ᠋ᠠᠨ᠎ᠤ (ᠬᠦᠮᠦᠵᠢᠯ) ᠰᠠᠭᠤᠷᠢᠨ ᠭᠠᠵᠠᠷ᠂ ᠠᠢ᠌ᠮᠠᠭ ᠬᠣᠲᠠ ᠵᠢᠨ ᠦᠨᠳᠦᠰᠦᠳᠡᠨ᠎ᠤ ᠵᠥᠪᠯᠡᠯ᠎ᠢ ᠵᠣᠬᠢᠶᠠᠨ ᠪᠠᠢ᠌ᠭᠤᠯᠤᠨ ᠲᠠᠨᠢᠯᠴᠠᠭᠤᠯᠬᠤ ᠠᠵᠢᠯ᠎ᠢ ᠥᠷᠨᠢᠭᠦᠯᠵᠦ᠂ ᠲᠠᠨᠢᠯᠴᠠᠭᠤᠯᠬᠤ᠂ ᠠᠩᠬ᠎ᠠ ᠰᠣᠩᠭᠣᠬᠤ᠂ ᠵᠠᠷᠯᠠᠨ ᠨᠡᠢ᠌ᠲᠡᠯᠡᠬᠦ ᠵᠡᠷᠭᠡ ᠭᠣᠭᠴᠣᠭ᠎ᠠ᠎ᠪᠠᠷ ᠲᠠᠮᠵᠢᠵᠦ᠂ ᠪᠥᠬᠥ ᠤᠯᠤᠰ ᠪᠠ ᠪᠥᠬᠥ ᠣᠷᠣᠨ᠎ᠤ 46 ᠲᠤᠰᠬᠠᠢ ᠮᠡᠷᠭᠡᠵᠢᠯᠲᠡᠨ᠎ᠢ ᠬᠥᠮᠥᠷᠭᠡ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠭ᠎ᠠ᠂ ᠴᠢᠬᠤᠯᠠ ᠶᠡᠬᠡ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠂ ᠭᠣᠣᠯᠳᠠᠯᠭ᠎ᠠ᠎ᠲᠠᠢ ᠰᠡᠳᠦᠪ᠎ᠤᠨ ᠪᠠᠢ᠌ᠴᠠᠭ᠋ᠠᠨ ᠰᠤᠳᠤᠯᠤᠯᠲᠠ᠂ ᠴᠢᠬᠤᠯᠠ ᠶᠡᠬᠡ ᠲᠥᠷᠥᠯ ᠵᠦᠢ᠍ᠯ᠎ᠤᠨ ᠰᠤᠳᠤᠯᠭ᠋ᠠᠨ᠂ ᠭᠣᠣᠯᠳᠠᠯᠭ᠎ᠠ᠎ᠲᠠᠢ ᠲᠤᠰᠬᠠᠢ ᠵᠦᠢ᠍ᠯ᠎ᠤᠨ ᠠᠵᠢᠯᠯᠠᠭ᠎ᠠ᠎ᠳᠤ ᠢᠳᠡᠪᠬᠢᠲᠡᠢ ᠤᠷᠤᠯᠴᠠᠭᠤᠯᠪᠠ᠃ 《ᠵᠢᠷᠭᠤᠭ᠋ᠠᠨ ᠶᠡᠬᠡ ᠪᠦᠲᠦᠭᠡᠨ ᠪᠠᠢ᠌ᠭᠤᠯᠤᠯᠲᠠ》 ᠵᠢᠨ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠲᠥᠷᠥᠯ ᠵᠦᠢ᠍ᠯ 30 ᠵᠢ ᠲᠤᠭᠳᠠᠭ᠋ᠠᠵᠤ᠂ ᠤᠯᠠᠭ᠋ᠠᠨᠬᠠᠳᠠ᠂ ᠪᠤᠭᠤᠲᠤ ᠵᠡᠷᠭᠡ 6 ᠠᠢ᠌ᠮᠠᠭ ᠬᠣᠲᠠ ᠵᠢᠨ ᠲᠥᠷᠥᠯ ᠵᠦᠢ᠍ᠯ ᠪᠠᠶ᠋ᠢᠭᠤᠯᠬᠤ ᠰᠡᠳᠦᠪ 84᠎ᠢ ᠲᠤᠭᠳᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠎ᠲᠠᠢ ᠬᠠᠮᠳᠤᠷᠠᠵᠦ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠰᠤᠳᠤᠯᠤᠨ ᠶᠠᠷᠢᠯᠴᠠᠬᠤ ᠬᠤᠷᠠᠯ᠎ᠢ ᠡᠷᠭᠢᠯᠡᠵᠦ᠂ ᠪᠠᠶᠠᠨᠨᠠᠭᠤᠷ᠂ ᠬᠢᠩᠭ᠋ᠠᠨ ᠠᠢ᠌ᠮᠠᠭ ᠵᠡᠷᠭᠡ 4 ᠠᠢ᠌ᠮᠠᠭ ᠬᠣᠲᠠ᠎ᠨᠢ 5 ᠤᠳᠠᠭ᠎ᠠ ᠰᠤᠳᠤᠯᠤᠨ ᠶᠠᠷᠢᠯᠴᠠᠬᠤ ᠬᠤᠷᠠᠯ᠎ᠢ ᠡᠷᠭᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ 2023 ᠣᠨ᠎ᠤ 6 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠭᠰᠠᠨ᠎ᠠᠴᠠ ᠨᠠᠭ᠋ᠠᠰᠢᠬᠢ ᠣᠨᠣᠯ ᠪᠠ ᠦᠢ᠍ᠯᠡᠳᠦᠯᠭᠡ ᠵᠢᠨ ᠦᠷ᠎ᠡ ᠪᠦᠲᠦᠭᠡᠯ᠎ᠢ ᠭᠦᠢ᠍ᠴᠡᠳ ᠳᠡᠯᠭᠡᠨ ᠦᠵᠡᠭᠦᠯᠵᠡᠢ᠃
        (ᠭᠤᠷᠪᠠ) ᠳᠤᠮᠳᠠᠳᠤ ᠵᠢᠨ ᠦᠨᠳᠦᠰᠦᠲᠡᠨ᠎ᠤ ᠵᠥᠪ ᠲᠡᠦᠬᠡ ᠵᠢᠨ ᠦᠵᠡᠯᠲᠡ ᠵᠢ ᠪᠠᠷᠢᠮᠲᠠᠯᠠᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠥᠬᠡ ᠵᠢᠨ ᠮᠠᠲ᠋ᠧᠷᠢᠶᠠᠯ᠎ᠤᠨ ᠨᠠᠢ᠌ᠷᠠᠭᠤᠯᠤᠨ ᠲᠤᠭᠤᠷᠪᠢᠬᠤ ᠠᠵᠢᠯ᠎ᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠢ ᠬᠢᠪᠡ᠃ 《ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ》 ᠵᠢᠨ ᠲᠡᠦᠬᠡ ᠵᠢᠨ ᠮᠠᠲ᠋ᠧᠷᠢᠶᠠᠯ · ᠥᠪᠥᠷ ᠮᠣᠩᠭᠣᠯ᠎ᠤᠨ ᠪᠣᠳᠢ ᠵᠢᠨ ᠨᠠᠢ᠌ᠷᠠᠭᠤᠯᠤᠨ ᠲᠤᠭᠤᠷᠪᠢᠬᠤ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠲᠡᠭᠦᠰᠬᠡᠯ᠎ᠤᠨ ᠰᠢᠪᠲᠤᠯᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠪᠠᠢ᠌ᠷᠢᠯᠠᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠦ᠂ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠵᠤ᠂ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠨᠠᠢ᠌ᠷᠠᠭᠤᠯᠤᠨ  ᠲᠤᠭᠤᠷᠪᠢᠬᠤ ᠠᠬᠢᠴᠠ ᠵᠢ ᠪᠠᠢ᠌ᠴᠠᠭ᠋ᠠᠨ ᠰᠤᠳᠤᠯᠵᠤ᠂ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠢ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠪᠡ᠃ ᠣᠳᠣᠬᠠᠨ᠎ᠳᠤ 840 ᠲᠦᠮᠡ ᠭᠠᠷᠤᠢ ᠦᠰᠦᠭ᠎ᠤᠨ ᠡᠮᠬᠢᠳᠬᠡᠯ᠎ᠢ ᠪᠡᠶᠡᠯᠡᠭᠦᠯᠵᠦ᠂ ᠲᠣᠭ᠎ᠠ ᠪᠠᠷᠢᠮᠲᠠ ᠵᠢᠨ ᠬᠥᠮᠥᠷᠭᠡ᠎ᠳᠤ 770 ᠲᠦᠮᠡ ᠭᠠᠷᠤᠢ ᠦᠰᠦᠭ᠎ᠢ ᠪᠠᠷᠯᠠᠨ ᠣᠷᠣᠭᠤᠯᠵᠤ᠂ 57 ᠲᠦᠮᠡ ᠭᠠᠷᠤᠢ ᠦᠰᠦᠭ᠎ᠲᠠᠢ ᠣᠨᠴᠠ ᠰᠤᠩᠭᠤᠳᠠᠭ ᠲᠡᠦᠬᠡ ᠵᠢᠨ ᠮᠠᠲ᠋ᠧᠷᠢᠶᠠᠯ᠎ᠢ ᠮᠡᠳᠡᠭᠦᠯᠦᠨ ᠬᠦᠷᠭᠡᠵᠦ᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠱᠠᠭ᠋ᠠᠷᠳᠠᠭᠰᠠᠨ ᠱᠠᠲᠤᠴᠢ ᠴᠢᠨᠠᠷᠲᠠᠢ ᠨᠠᠢ᠌ᠷᠠᠭᠤᠯᠤᠨ  ᠲᠤᠭᠤᠷᠪᠢᠬᠤ ᠡᠭᠦᠷᠭᠡ ᠵᠢ ᠬᠤᠭᠤᠴᠠᠭ᠎ᠠ ᠶᠤᠰᠤᠭ᠋ᠠᠷ ᠪᠡᠶᠡᠯᠡᠭᠦᠯᠪᠡ᠃



          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

 

 

ᠢᠷᠡᠯᠲᠡ᠄ ᠣᠨᠣᠯ᠎ᠤᠨ ᠰᠤᠳᠤᠯᠭ᠋ᠠᠨ᠎ᠤ ᠭᠠᠵᠠᠷ