ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠥᠪᠥᠷ ᠮᠣᠩᠭᠣᠯ᠎ᠤᠨ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠤᠭᠤᠯᠬᠤ》 ᠲᠠᠨᠢᠯᠴᠠᠭᠤᠯᠭ᠎ᠠ ᠵᠢᠨ ᠬᠤᠷᠠᠯ ᠮᠠᠨᠵᠤᠤᠷ ᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-09-14

1.jpg

      8 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠎ᠠᠴᠠ ᠭᠣᠣᠯᠯᠠᠨ ᠡᠷᠭᠢᠯᠡᠭᠰᠡᠨ ᠥᠪᠥᠷ ᠮᠣᠩᠭᠣᠯ᠎ᠤᠨ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠤᠭᠤᠯᠬᠤ》 ᠲᠠᠨᠢᠯᠴᠠᠭᠤᠯᠭ᠎ᠠ ᠵᠢᠨ ᠬᠤᠷᠠᠯ ᠮᠠᠨᠵᠤᠤᠷ ᠬᠣᠲᠠ᠎ᠳᠤ ᠬᠤᠷᠠᠯᠳᠤᠪᠠ᠃ ᠬᠤᠷᠠᠯ᠎ᠨᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠠᠢ᠌ᠳᠠᠪᠤᠷᠢᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠤᠯᠤᠨ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢᠨ ᠲᠠᠪᠴᠠᠩ ᠪᠠ ᠬᠥᠭᠥᠷᠭᠡ ᠵᠢ ᠪᠠᠢ᠌ᠭᠤᠯᠵᠤ᠂ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢ᠌ᠨ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠵᠡᠢ᠃ ᠬᠤᠷᠠᠯ ᠳᠡᠭᠡᠷ᠎ᠡ ᠪᠤᠭᠤᠲᠤ ᠬᠤᠳᠠ᠂ ᠬᠥᠯᠥᠨ ᠪᠤᠢ᠍ᠢ᠍ᠷ ᠬᠤᠳᠠ᠂ ᠬᠢᠩᠭ᠋ᠠᠨ ᠠᠢ᠌ᠮᠠᠭ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠤᠳᠠ᠂ ᠪᠠᠶᠠᠨᠨᠠᠭᠤᠷ ᠬᠤᠳᠠ᠂ ᠠᠯᠠᠱ᠌ᠠ ᠠᠢ᠌ᠮᠠᠭ᠂ ᠮᠠᠨᠵᠤᠤᠷ ᠬᠤᠳᠠ ᠵᠡᠷᠭᠡ ᠬᠢᠯᠢ ᠬᠢᠵᠠᠭ᠋ᠠᠷ᠎ᠤᠨ ᠠᠢ᠌ᠮᠠᠭ ᠬᠤᠳᠠ ᠡᠯ᠎ᠡ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ ᠨᠦᠬᠦᠴᠡᠯ᠂ ᠠᠮᠢ ᠠᠬᠤᠢ ᠵᠢᠨ ᠳᠠᠪᠠᠭᠤᠯᠢᠭ ᠨᠥᠭᠦᠴᠡᠯ ᠪᠣᠯᠣᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ᠎ᠲᠠᠢ᠎ᠪᠠᠨ ᠤᠶᠠᠯᠳᠤᠭᠤᠯᠵᠤ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠬᠢᠵᠦ᠂ ᠬᠢᠯᠢ ᠬᠢᠵᠠᠭ᠋ᠠᠷ ᠣᠷᠣᠨ᠎ᠤ ᠥᠪᠡᠷᠮᠢᠴᠡ ᠳᠠᠪᠠᠭᠤᠯᠢᠭ ᠵᠶ᠋ᠠᠨ ᠢᠯᠡᠷᠡᠭᠦᠯᠵᠦ᠂ ᠬᠠᠮᠲᠤᠷᠠᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠴᠠᠢ᠃ ᠪᠡᠭᠡᠵᠢᠩ᠂ ᠱᠠᠩᠬᠠᠢ᠂  ᠡᠾᠸᠪᠸᠢ᠂ ᠱᠠᠨ ᠰᠢ᠂ ᠯᠢᠶᠣᠤᠨᠢᠩ᠂ ᠬᠠᠷᠠᠮᠥ᠋ᠷᠡᠨ᠂ ᠬᠤᠪᠧᠢ᠂ ᠭᠦᠢ᠍ᠵᠧᠦ ᠵᠡᠷᠭᠡ ᠮᠤᠵᠢ ᠬᠤᠳᠠ ᠵᠢᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯᠲᠠᠨ᠎ᠤ 78 ᠲᠥᠯᠥᠭᠡᠯᠡᠭᠴᠢ ᠬᠤᠷᠠᠯ᠎ᠳᠤ ᠣᠷᠣᠯᠴᠠᠵᠤ᠂ ᠨᠢᠭᠡ ᠪᠦᠯᠦᠭ ᠬᠠᠮᠲᠤᠷᠠᠯᠴᠠᠭ᠋ᠠᠨ᠎ᠤ ᠪᠦᠳᠦᠭᠦᠪᠴᠢ ᠬᠡᠯᠡᠯᠴᠡᠭᠡᠷ ᠪᠣᠯᠣᠨ ᠪᠡᠯᠡ ᠣᠷᠣᠭᠤᠯᠤᠯᠲᠠ ᠵᠢᠨ ᠪᠦᠳᠦᠭᠦᠪᠴᠢ ᠬᠡᠯᠡᠯᠴᠡᠭᠡᠷ᠎ᠢ ᠲᠣᠭᠲᠠᠭ᠋ᠠᠪᠠ᠂ ᠲᠦᠷᠦᠯ ᠵᠦᠢ᠍ᠯ᠎ᠨᠢ ᠭᠣᠣᠯᠳᠠᠭᠤ ᠲᠠᠷᠢᠶᠠᠯᠠᠩ ᠮᠠᠯ ᠠᠵᠤ ᠠᠬᠤᠢ᠂ ᠡᠨᠧᠷᠭᠢ ᠵᠡᠷᠭᠡ ᠴᠠᠷᠠᠭ᠎ᠠ ᠬᠦᠷᠢᠶᠡᠨ᠎ᠳᠤ ᠬᠣᠯᠪᠣᠭᠳᠠᠵᠠᠢ᠃
2.jpg

 3.jpg 

      《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠣᠭᠣᠯᠬᠤ》 ᠠᠵᠢᠯᠯᠠᠭ᠎ᠠ ᠪᠣᠯ ᠤᠯᠤᠰ᠎ᠤᠨ ᠦᠨᠳᠦᠰᠦᠲᠡᠨ᠎ᠤ ᠵᠦᠪᠯᠡᠯ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠭᠠᠷᠭ᠋ᠠᠭᠰᠠᠨ ᠴᠢᠬᠤᠯᠠ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠮᠦᠨ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠦᠴᠦᠲᠡᠢ ᠭᠠᠷᠳᠠᠴᠠ ᠮᠦᠨ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠎ᠠᠴᠠ 《〈ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠤᠭᠤᠯᠬᠤ〉 ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠳ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠤᠭᠤᠯᠬᠤ ᠵᠢᠯᠤᠭᠤᠳᠤᠯᠭ᠎ᠠ ᠦᠢ᠍ᠯᠡᠴᠢᠯᠡᠭᠡᠨ᠎ᠤ ᠠᠵᠢᠯ᠎ᠢ ᠢᠳᠡᠪᠬᠢᠲᠡᠢ ᠰᠠᠢ᠌ᠲᠤᠷ ᠬᠢᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠤᠭᠤᠯᠬᠤ ᠲᠠᠪᠴᠠᠩ ᠪᠠ ᠠᠴᠢᠶᠠᠯᠠᠭᠴᠢ ᠵᠢ ᠣᠯᠠᠨ ᠲᠠᠰ ᠳᠠᠪᠬᠤᠷᠭ᠎ᠠ᠂ ᠣᠯᠠᠨ ᠬᠠᠷᠠᠭ᠋ᠠᠰᠤ᠎ᠠᠴᠠ ᠴᠣᠭᠴᠠᠯᠠᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠦ᠂ ᠬᠢᠯᠢ ᠬᠢᠵᠠᠭ᠋ᠠᠷ ᠣᠷᠣᠨ ᠬᠢᠭᠡᠳ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠠᠮᠲᠤᠷᠠᠨ ᠠᠵᠢᠯᠯᠠᠵᠤ ᠬᠠᠮᠳᠤ᠎ᠪᠠᠷ ᠠᠰᠢᠭ ᠭᠥᠷᠳᠡᠬᠦ ᠵᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠢ ᠳᠠᠶ᠋ᠢᠴᠢᠯᠠᠨ ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠲᠤ ᠭᠦᠨᠵᠡᠭᠡᠢ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠵᠢ ᠬᠠᠮᠳᠤ᠎ᠪᠠᠷ ᠪᠡᠶᠡᠯᠡᠭᠦᠯᠬᠦ ᠵᠢ ᠠᠬᠢᠭᠤᠯᠪᠠ᠃

4.jpg 
      ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠬᠠᠮᠲᠤ ᠵᠢᠨ ᠬᠥᠭᠵᠢᠯᠲᠡ ᠵᠢᠨ ᠵᠤᠷᠭ᠋ᠠᠨ᠎ᠤ ᠳᠡᠳ᠋ ᠳᠠᠷᠤᠭ᠎ᠠ ᠹᠸᠩ ᠴᠠᠩ ᠬᠠᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠥᠯᠥᠨ ᠪᠤᠢ᠍ᠢ᠍ᠷ ᠬᠤᠳᠠ ᠵᠢᠨ ᠳᠡᠳ᠋ ᠳᠠᠷᠤᠭ᠎ᠠ ᠸᠸᠨ ᠵᠢᠨ ᠯᠧᠢ᠂ ᠮᠠᠨᠵᠤᠤᠷ ᠬᠤᠳᠠ ᠵᠢᠨ ᠳᠡᠳ᠋ ᠳᠠᠷᠤᠭ᠎ᠠ ᠵᠢᠶᠣᠣ ᠵᠢᠶᠸ ᠲᠤᠰ ᠲᠤᠰ ᠪᠠᠶᠠᠷ᠎ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠶᠦᠨ ᠭᠦᠸᠧ ᠱᠧᠩ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠳᠡᠳ᠋ ᠲᠡᠷᠢᠭᠦᠯᠡᠭᠴᠢ ᠸᠸᠨ ᠳ᠋ᠢᠶᠠᠨ ᠯᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠪᠡᠭᠡᠵᠢᠩ ᠬᠣᠲᠠ᠂ ᠱᠠᠩᠬᠠᠢ ᠬᠣᠲᠠ᠂ ᠾᠧᠪᠧᠢ ᠮᠤᠵᠢ᠂ ᠱᠠᠨ ᠰᠢ ᠮᠤᠵᠢ᠂ ᠯᠢᠶᠣᠤᠨᠢᠩ ᠮᠤᠵᠢ᠂ ᠬᠠᠷᠠᠮᠥ᠋ᠷᠡᠨ ᠮᠤᠵᠢ᠂ ᠬᠤᠪᠧᠢ ᠮᠤᠵᠢ᠂ ᠭᠦᠢ᠍ᠵᠧᠦ ᠮᠤᠵᠢ ᠵᠡᠷᠭᠡ ᠮᠤᠵᠢ ᠬᠣᠲᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠬᠤᠯᠪᠤᠭᠳᠠᠯ ᠪᠦᠬᠦᠢ ᠤᠳᠤᠷᠢᠳᠤᠯᠭ᠎ᠠ ᠪᠠ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠡᠯ᠎ᠡ ᠠᠢ᠌ᠮᠠᠭ ᠬᠣᠲᠠ ᠵᠢᠨ ᠦᠨᠳᠦᠰᠦᠳᠡᠨ᠎ᠤ ᠵᠥᠪᠯᠡᠯ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠬᠠᠷᠢᠭᠤᠴᠠᠯᠭ᠋ᠠᠲᠠᠨ᠂ ᠬᠣᠯᠪᠣᠭᠳᠠᠯ ᠪᠦᠬᠦᠢ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯᠲᠠᠨ᠎ᠤ ᠲᠥᠯᠥᠭᠡᠯᠡᠭᠴᠢ ᠬᠤᠷᠠᠯ᠎ᠳᠤ ᠣᠷᠣᠯᠴᠠᠭᠰᠠᠨ ᠪᠥᠭᠡᠳ ᠮᠠᠨᠵᠤᠤᠷ ᠬᠣᠲᠠ᠂ ᠵᠠᠯᠠᠶ᠋ᠢᠨᠠᠭᠤᠷ ᠲᠣᠭᠣᠷᠢᠭ᠎ᠲᠤ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠤᠯᠲᠠ ᠬᠢᠵᠦ ᠰᠢᠨᠵᠢᠯᠡᠨ ᠪᠠᠢ᠌ᠴᠠᠭ᠋ᠠᠪᠠ᠃

5.jpg

6.jpg





        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

ᠢᠷᠡᠯᠲᠡ᠄ ᠬᠠᠮᠲᠤ᠎ᠪᠠᠷ ᠬᠦᠭᠵᠢᠭᠦᠯᠬᠦ ᠭᠠᠵᠠᠷ