9 ᠳ᠋ᠦ᠍ᠭᠡᠷ ᠰᠠᠷ᠎ᠠ ᠵᠢᠨ 3᠎ᠤ ᠡᠳᠦᠷ᠂ ᠳᠤᠮᠳᠠᠳᠤ ᠤᠯᠤᠰ᠎ᠤᠨ ᠪᠠᠭ᠋ᠠᠴᠤᠳ ᠬᠡᠦᠬᠡᠳ᠎ᠤᠨ ᠰᠣᠨᠢᠨ ᠮᠡᠳᠡᠭᠡ ᠬᠡᠪᠯᠡᠯ᠎ᠤᠨ ᠶᠡᠷᠦᠩᠬᠡᠶ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠥᠪᠥᠷ ᠮᠣᠩᠭᠣᠯ᠎ᠤᠨ ᠠᠷᠠᠳ᠎ᠤᠨ ᠬᠡᠪᠯᠡᠯ᠎ᠤᠨ ᠬᠣᠷᠢᠶ᠎ᠠ᠎ᠠᠴᠠ ᠭᠣᠤᠯᠯᠠᠨ ᠡᠷᠭᠢᠯᠡᠵᠦ᠂ ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠳᠠᠭ᠋ᠠᠭ᠋ᠠᠴᠢᠯᠠᠨ ᠡᠷᠭᠢᠯᠡᠵᠦ᠂ ᠰᠢᠨ᠎ᠡ ᠬᠣᠲᠠ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠰᠢᠨ᠎ᠡ ᠬᠣᠲᠠ ᠲᠣᠭᠣᠷᠢᠭ᠎ᠤᠨ ᠨᠢᠭᠡᠳᠦᠭᠡᠷ ᠲᠤᠷᠰᠢᠯᠲᠠ ᠵᠢᠨ ᠪᠠᠭ᠎ᠠ ᠰᠤᠷᠭ᠋ᠠᠭᠤᠯᠢ᠎ᠠᠴᠠ ᠬᠠᠮᠵᠢᠨ ᠡᠷᠭᠢᠯᠡᠭᠰᠡᠨ 《ᠠᠨᠠᠷ᠎ᠤᠨ ᠦᠷ᠎ᠡ》 ᠵᠢᠷᠤᠭᠲᠤ ᠳᠡᠪᠲᠡᠷ᠎ᠤᠨ ᠴᠣᠪᠤᠷᠠᠯ ᠪᠢᠴᠢᠭ᠎ᠤᠨ ᠬᠣᠶᠠᠳᠤᠭ᠋ᠠᠷ ᠡᠮᠬᠢᠳᠬᠡᠯ ᠪᠣᠯᠬᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ》 ᠵᠢᠷᠤᠭᠲᠤ ᠳᠡᠪᠲᠡᠷ᠎ᠢ ᠬᠠᠨᠳᠢᠪᠯᠠᠬᠤ ᠠᠵᠢᠯᠯᠠᠭ᠎ᠠ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠨᠢᠭᠡᠳᠦᠭᠡᠷ ᠲᠤᠷᠰᠢᠯᠲᠠ ᠵᠢᠨ ᠪᠠᠭ᠎ᠠ ᠰᠤᠷᠭ᠋ᠠᠭᠤᠯᠢ᠎ᠳᠤ ᠶᠠᠪᠤᠭᠳᠠᠪᠠ᠃
ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠱᠦᠵᠢ ᠨᠡᠷ᠎ᠤᠨ ᠭᠠᠵᠠᠷ᠎ᠤᠨ ᠱᠦᠵᠢ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠢᠷᠦᠭᠡᠯᠲᠦ ᠠᠵᠢᠯᠯᠠᠭ᠎ᠠ ᠵᠢᠨ ᠪᠠᠶᠠᠷ᠎ᠤᠨ ᠦᠭᠡᠨ᠎ᠳᠤ᠎ᠪᠠᠨ ᠡᠨᠡ ᠬᠦ᠌ ᠴᠤᠪᠤᠷᠠᠯ ᠪᠢᠴᠢᠭ᠎ᠤᠨ ᠬᠡᠪᠯᠡᠭᠳᠡᠭᠰᠡᠨ᠎ᠨᠢ ᠮᠠᠨ᠎ᠤ ᠤᠯᠤᠰ᠎ᠤᠨ ᠪᠠᠭ᠋ᠠᠴᠤᠳ ᠬᠡᠦᠬᠡᠳ᠎ᠤᠨ ᠦᠨᠳᠦᠰᠦᠲᠡᠨ᠎ᠤ ᠪᠦᠯᠬᠦᠮᠳᠡᠯ᠎ᠤᠨ ᠭᠣᠣᠯ ᠰᠡᠳᠦᠪᠲᠦ ᠤᠩᠰᠢᠬᠤ ᠪᠢᠴᠢᠭ᠎ᠤᠨ ᠲᠦᠷᠦᠯ ᠵᠦᠢ᠍ᠯ᠎ᠢ ᠪᠠᠶᠠᠯᠢᠭᠵᠢᠭᠤᠯᠤᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠬᠡᠦᠬᠡᠳ᠎ᠲᠤ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡ᠂ ᠭᠡᠷᠡᠯ ᠰᠠᠴᠤᠷᠠᠩᠭᠤᠢ ᠰᠣᠶᠣᠯ ᠪᠣᠯᠤᠨ ᠥᠨᠢᠷ ᠰᠠᠢ᠌ᠬᠠᠨ ᠦᠩᠭᠡ ᠦᠵᠡᠮᠵᠢ ᠵᠢ ᠣᠢ᠌ᠯᠠᠭ᠋ᠠᠬᠤ ᠠᠮᠢᠳᠤᠯᠢᠭ ᠵᠢᠭ᠋ᠠᠬᠤ ᠮᠠᠲ᠋ᠧᠷᠢᠶᠠᠯ᠎ᠢ ᠬᠠᠩᠭ᠋ᠠᠪᠠ᠃ ᠥᠪᠥᠷ ᠮᠣᠩᠭᠣᠯ᠎ᠤᠨ ᠠᠷᠠᠳ᠎ᠤᠨ ᠬᠡᠪᠯᠡᠯ᠎ᠤᠨ ᠬᠣᠷᠢᠶᠠᠨ᠎ᠤ ᠬᠢᠲᠠᠳ ᠬᠡᠯᠡᠨ᠎ᠤ ᠨᠠᠢ᠌ᠷᠠᠭᠤᠯᠬᠤ ᠬᠡᠯᠲᠡᠰ᠎ᠤᠨ ᠬᠠᠷᠢᠭᠤᠴᠠᠯᠭ᠋ᠠᠲᠠᠨ ᠲᠣᠰ ᠢᠵᠢ ᠵᠢᠷᠤᠭᠲᠤ ᠳᠡᠪᠲᠡᠷ᠎ᠤᠨ ᠴᠤᠪᠤᠷᠠᠯ ᠪᠢᠴᠢᠭ᠎ᠢ ᠵᠣᠬᠢᠶᠠᠨ ᠪᠦᠲᠦᠭᠡᠭᠰᠡᠨ ᠠᠬᠤᠶ ᠪᠠᠢ᠌ᠳᠠᠯ ᠪᠠ ᠥᠩᠭᠡᠷᠡᠯᠲᠡ᠎ᠪᠠᠨ ᠬᠤᠪᠢᠶᠠᠯᠴᠠᠪᠠ᠃ ᠰᠤᠷᠤᠭᠴᠢ ᠵᠢᠨ ᠲᠥᠯᠥᠭᠡᠯᠡᠭᠴᠢ ᠬᠤᠪᠢ ᠬᠥᠮᠦᠨ᠎ᠤ ᠲᠥᠷᠥᠭᠳᠡᠯ ᠵᠶ᠋ᠡᠨ ᠬᠤᠪᠢᠶᠠᠯᠴᠠᠪᠠ᠃
《ᠠᠨᠠᠷ᠎ᠤᠨ ᠦᠷ᠎ᠡ》 ᠵᠢᠷᠤᠭᠲᠤ ᠳᠡᠪᠲᠡᠷ᠎ᠤᠨ ᠴᠤᠪᠤᠷᠠᠯ ᠪᠢᠴᠢᠭ᠎ᠤᠨ ᠬᠣᠶᠠᠳᠤᠭ᠋ᠠᠷ ᠡᠮᠬᠢᠳᠬᠡᠯ ᠪᠣᠯᠬᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ》 ᠵᠢᠷᠤᠭᠲᠤ ᠳᠡᠪᠲᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠤᠭ᠎ᠠ᠎ᠠᠴᠠ ᠵᠣᠬᠢᠶᠠᠨ ᠪᠠᠢ᠌ᠭᠤᠯᠵᠤ ᠲᠥᠰᠦᠪᠯᠡᠨ ᠨᠠᠢ᠌ᠷᠠᠭᠤᠯᠵᠤ᠂ ᠳᠤᠮᠳᠠᠳᠤ ᠤᠯᠤᠰ᠎ᠤᠨ ᠪᠠᠭ᠋ᠠᠴᠤᠳ ᠬᠡᠦᠬᠡᠳ᠎ᠤᠨ ᠬᠡᠪᠯᠡᠯ᠎ᠤᠨ ᠬᠣᠷᠢᠢ᠎ᠠ᠂ ᠥᠪᠥᠷ ᠮᠣᠩᠭᠣᠯ᠎ᠤᠨ ᠠᠷᠠᠳ᠎ᠤᠨ ᠬᠡᠪᠯᠡᠯ᠎ᠤᠨ ᠬᠣᠷᠢᠢ᠎ᠠ᠎ᠠᠴᠠ ᠬᠠᠮᠲᠤᠷᠠᠨ ᠬᠡᠪᠯᠡᠭᠦᠯᠵᠡᠢ᠃ ᠵᠢᠷᠤᠭᠲᠤ ᠳᠡᠪᠲᠡᠷ᠎ᠤᠨ ᠴᠤᠪᠤᠷᠠᠯ ᠪᠢᠴᠢᠭ᠎ᠢ ᠬᠡᠪᠯᠡᠭᠦᠯᠦᠨ ᠲᠠᠷᠬᠠᠭ᠋ᠠᠭᠰᠠᠨ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠬᠦᠴᠦᠲᠡᠶ ᠠᠷᠭ᠎ᠠ ᠬᠡᠮᠵᠢᠶ᠎ᠡ ᠪᠠᠢ᠌ᠵᠤ᠂ ᠨᠠᠷᠢᠯᠢᠭ ᠰᠠᠢ᠌ᠬᠠᠨ᠂ ᠥᠩᠭᠡ ᠪᠥᠷᠢᠳᠦᠭᠰᠡᠨ᠂ ᠳᠦᠷᠰᠦᠯᠢᠭ ᠵᠢᠷᠤᠭ ᠪᠠ ᠪᠠᠶᠠᠯᠢᠭ ᠢᠯᠡᠷᠡᠭᠦᠯᠬᠦ ᠠᠷᠭ᠎ᠠ ᠬᠡᠯᠪᠡᠷᠢ᠎ᠪᠠᠷ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡ ᠪᠠ ᠦᠵᠡᠰᠬᠦᠯᠡᠩᠲᠦ ᠰᠠᠢ᠌ᠬᠠᠨ ᠠᠭᠤᠯᠠ ᠤᠰᠤ ᠵᠢ ᠳᠡᠯᠭᠡᠨ ᠦᠵᠡᠭᠦᠯᠵᠦ᠂ ᠨᠠᠮᠢᠷᠠᠭ᠎ᠠ ᠬᠤᠷ᠎ᠠ᠎ᠪᠠᠷ ᠤᠮᠳᠠᠯᠠᠬᠤ ᠨᠥᠯᠥᠭᠡᠯᠡᠯ ᠵᠶ᠋ᠡᠷ ᠬᠡᠦᠬᠡᠳ᠎ᠢ ᠬᠠᠪᠰᠤᠷᠤᠨ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠲᠣᠬᠠᠢ ᠮᠡᠳᠡᠷᠡᠬᠦᠢ ᠵᠢ᠎ᠨᠢ ᠲᠠᠰᠤᠷᠠᠯᠲᠠ ᠦᠭᠡᠢ ᠴᠢᠩᠭ᠋ᠠᠳᠬᠠᠵᠤ᠂ ᠪᠠᠭ᠋ᠠᠴᠤᠳ ᠬᠡᠦᠬᠡᠳ᠎ᠤᠨ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠵᠦ ᠴᠢᠳᠠᠬᠤ ᠴᠠᠭ ᠦᠶ᠎ᠡ ᠵᠢᠨ ᠰᠢᠨ᠎ᠡ ᠬᠥᠮᠦᠨ ᠪᠣᠯᠬᠤ᠎ᠪᠠᠷ ᠴᠢᠷᠮᠠᠢ᠌ᠬᠤ ᠵᠢ ᠰᠤᠷᠭ᠋ᠠᠨ ᠬᠦᠮᠦᠵᠢᠭᠦᠯᠵᠦ ᠬᠦᠲᠦᠯᠦᠨ ᠵᠢᠯᠤᠭᠤᠳᠴᠠᠢ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ