ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠵᠠᠰᠠᠭ ᠰᠤᠷᠭ᠋ᠠᠭᠤᠯᠢ ᠬᠠᠮᠵᠢᠯᠴᠠᠨ ᠰᠢᠨ᠎ᠡ ᠡᠭᠦᠳᠦᠯᠲᠡ᠎ᠲᠠᠢ᠎ᠪᠠᠷ ᠠᠭᠤᠰᠤᠯᠴᠠᠨ 《ᠠᠨᠠᠷ᠎ᠤᠨ ᠬᠡᠯᠬᠢᠶ᠎ᠡ》 ᠦᠨᠳᠦᠰᠦᠲᠡᠨ᠎ᠤ ᠪᠦᠯᠬᠦᠮᠳᠡᠯ᠎ᠤᠨ ᠲᠣᠣᠷ᠎ᠢ ᠨᠢᠭᠲᠠ ᠰᠦᠯᠵᠢᠪᠡ
ᠨᠡᠶ᠋ᠢᠲᠡᠯᠡᠭᠰᠡᠨ ᠴᠠᠭ᠄ 2024-09-26

      9 ᠳ᠋ᠦ᠍ᠭᠡᠷ ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ ᠴᠢᠨ ᠲᠢᠩ ᠨᠡᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠣᠳᠠᠲᠠᠶ ᠲᠥᠷᠥᠭᠳᠡᠯ᠎ᠲᠠᠢ ᠪᠥᠲᠥᠮᠵᠢ᠎ᠲᠠᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠲᠣᠭᠣᠷᠢᠨ᠎ᠳᠤ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠲᠤ ᠢᠷᠡᠵᠦ ᠲᠣᠭᠣᠷᠢᠨ ᠦᠵᠡᠵᠦ ᠪᠠᠢ᠌ᠴᠠᠭ᠋ᠠᠨ ᠰᠤᠳᠤᠯᠤᠭᠰᠠᠨ ᠪᠥᠭᠡᠳ ᠰᠣᠯᠢᠯᠴᠠᠨ ᠶᠠᠷᠢᠯᠴᠠᠪᠠ᠃

3.jpg 
      ᠶᠠᠷᠢᠯᠴᠠᠬᠤ ᠬᠤᠷᠠᠯ ᠳᠡᠭᠡᠷ᠎ᠡ᠂ ᠴᠢᠨ ᠲᠢᠩ᠎ᠠᠴᠠ ᠰᠤᠷᠭ᠋ᠠᠭᠤᠯᠢ ᠵᠢᠨ ᠮᠡᠳᠡᠭᠡ ᠵᠠᠩᠬᠢᠴᠢᠯᠠᠯᠲᠠ ᠵᠢᠨ ᠣᠨᠴᠠᠯᠢᠭ ᠳᠠᠪᠠᠭᠤᠯᠢᠭ᠂ ᠰᠢᠨᠵᠢᠯᠡᠭᠡᠨ᠎ᠤ ᠰᠠᠯᠠᠭ᠎ᠠ ᠲᠤᠰᠬᠠᠶ ᠮᠡᠷᠭᠡᠵᠢᠯ᠎ᠢ ᠰᠢᠯᠢᠳᠡᠭᠵᠢᠭᠦᠯᠦᠨ ᠨᠡᠢ᠌ᠳᠬᠡᠬᠦ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠡᠷᠭᠡ ᠲᠠᠯ᠎ᠠ᠎ᠠᠴᠠ ᠰᠤᠷᠭ᠋ᠠᠭᠤᠯᠢ ᠵᠢᠨ ᠪᠠᠢ᠌ᠳᠠᠯ ᠵᠶ᠋ᠠᠨ ᠲᠣᠪᠴᠢ ᠲᠠᠨᠢᠯᠴᠠᠭᠤᠯᠪᠠ᠃ ᠰᠤᠳᠤᠯᠤᠯ ᠬᠡᠷᠡᠭᠯᠡᠭᠡᠨ᠎ᠤ ᠲᠥᠪ᠎ᠤᠨ᠎ᠬᠢᠨ 《ᠠᠨᠠᠷ᠎ᠤᠨ ᠬᠡᠯᠬᠢᠶ᠎ᠡ》 ᠦᠨᠳᠦᠰᠦᠲᠡᠨ᠎ᠤ ᠠᠵᠢᠯ᠎ᠤᠨ ᠨᠡᠷᠡᠲᠦ ᠲᠡᠮᠳᠡᠭ᠎ᠤᠨ ᠬᠥᠭᠵᠢᠯᠲᠡ ᠵᠢᠨ ᠥᠩᠭᠡᠷᠡᠯᠲᠡ ᠪᠣᠯᠤᠨ 《ᠦᠨᠳᠦᠰᠦᠲᠡᠨ᠎ᠤ ᠪᠦᠯᠬᠦᠮᠳᠡᠯ᠎ᠤᠨ ᠲᠣᠤᠷ᠎ᠢ ᠨᠢᠭᠲᠠ ᠰᠦᠯᠵᠢᠬᠦ》 ᠬᠣᠯᠪᠣᠭ᠋ᠠᠯᠠᠨ ᠰᠤᠷᠤᠯᠴᠠᠵᠤ ᠬᠠᠮᠲᠤ᠎ᠪᠠᠷ ᠪᠠᠢ᠌ᠭᠤᠯᠬᠤ ᠠᠵᠢᠯᠯᠠᠭ᠎ᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠦᠵᠡᠭᠦᠯᠦᠭᠰᠡᠨ ᠢᠳᠡᠪᠬᠢᠲᠡᠶ ᠦᠢᠯᠡᠳᠦᠯ᠎ᠢ ᠲᠣᠪᠴᠢ ᠲᠠᠨᠢᠯᠴᠠᠭᠤᠯᠪᠠ᠃ ᠶᠠᠷᠢᠯᠴᠠᠬᠤ ᠬᠤᠷᠠᠯ᠎ᠤᠨ ᠳᠠᠷᠠᠭ᠎ᠠ᠂ ᠣᠯᠠᠨ ᠵᠶ᠋ᠠᠷ ᠵᠶ᠋ᠠᠨ ᠰᠤᠳᠤᠯᠤᠯ ᠬᠡᠷᠡᠭᠯᠡᠭᠡᠨ᠎ᠤ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠵᠢᠭᠰᠠᠭ᠋ᠠᠯ᠎ᠤᠨ ᠭᠠᠵᠠᠷ ᠪᠠ 《ᠠᠨᠠᠷ᠎ᠤᠨ ᠬᠡᠯᠬᠢᠶ᠎ᠡ》 ᠦᠨᠳᠦᠰᠦᠲᠡᠨ᠎ᠤ ᠠᠵᠢᠯ᠎ᠤᠨ ᠳ᠋ᠢᠭᠢᠲᠴᠢᠯᠡᠭᠰᠡᠨ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠪᠡ᠃

4.jpg

      ᠣᠯᠠᠨ ᠵᠶ᠋ᠠᠷ ᠵᠶ᠋ᠠᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠦᠢᠯᠡᠰ ᠪᠠ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠲᠠᠯ᠎ᠠ᠎ᠪᠠᠷ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨᠵᠢᠯᠡᠭᠡᠨ᠎ᠤ ᠳᠠᠪᠠᠭᠤᠯᠢᠭ᠎ᠲᠤ ᠰᠠᠭᠤᠷᠢᠯᠠᠵᠤ᠂ ᠲᠤᠰᠬᠠᠶ ᠮᠡᠷᠭᠡᠵᠢᠯ᠎ᠤᠨ ᠬᠢᠴᠢᠶᠡᠯ ᠣᠷᠤᠬᠤ᠂ ᠮᠡᠳᠡᠭᠡ ᠵᠠᠩᠭᠢ ᠵᠢᠨ ᠠᠮᠤᠷ ᠲᠦᠪᠰᠢᠨ᠂ ᠤᠷ᠎ᠠ ᠮᠡᠷᠭᠡᠰᠢᠯ᠎ᠤᠨ ᠪᠣᠯᠪᠠᠰᠤᠷᠠᠯ᠂ ᠰᠡᠳᠦᠪ᠎ᠤᠨ ᠰᠤᠳᠤᠯᠭ᠋ᠠᠨ ᠵᠡᠷᠭᠡ ᠲᠠᠯ᠎ᠠ᠎ᠪᠠᠷ ᠨᠡᠪᠲᠡᠷᠡᠯᠴᠡᠭᠡ ᠰᠣᠯᠢᠯᠴᠠᠭ᠎ᠠ᠎ᠪᠠᠨ ᠴᠢᠩᠭ᠋ᠠᠳᠬᠠᠵᠤ᠂ ᠨᠡᠩ ᠥᠷᠭᠡᠨ ᠴᠠᠷᠠᠭ᠎ᠠ ᠬᠦᠷᠢᠶᠠᠨ᠎ᠤ ᠨᠡᠩ ᠭᠦᠨ ᠳᠠᠪᠬᠤᠷᠭ᠎ᠠ ᠵᠢᠨ ᠨᠡᠩ ᠥᠨᠳᠥᠷ ᠲᠦᠪᠰᠢᠨ᠎ᠤ ᠬᠠᠮᠲᠤᠷᠠᠯᠴᠠᠭ᠎ᠠ ᠵᠢ ᠪᠡᠶᠡᠯᠡᠭᠦᠯᠬᠦ ᠵᠢ ᠠᠬᠢᠭᠤᠯᠵᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠴᠢᠳᠠᠪᠤᠷᠢᠲᠠᠨ᠎ᠢ ᠬᠠᠮᠲᠤ᠎ᠪᠠᠷ ᠬᠦᠮᠦᠵᠢᠭᠦᠯᠬᠦ ᠵᠢ ᠠᠬᠢᠭᠤᠯᠵᠤ᠂ ᠴᠢᠨᠠᠷ ᠰᠠᠢ᠌ᠲᠠᠶ ᠬᠥᠭᠵᠢᠯᠲᠡ ᠵᠢ ᠬᠠᠮᠲᠤ᠎ᠪᠠᠷ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢ ᠶᠡᠬᠡ ᠳᠡᠭᠡᠳᠦ ᠰᠤᠷᠭ᠋ᠠᠭᠤᠯᠢ᠎ᠳᠤ ᠨᠠᠢ᠌ᠳᠠᠪᠤᠷᠢᠵᠢᠭᠤᠯᠬᠤ ᠵᠢ ᠪᠣᠳᠠᠲᠠᠶ ᠲᠥᠷᠥᠭᠳᠡᠯ᠎ᠲᠠᠢ ᠪᠥᠲᠥᠮᠵᠢ᠎ᠲᠠᠢ᠎ᠪᠠᠷ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠡᠭᠡᠪᠡ᠃





        ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ


ᠢᠷᠡᠯᠲᠡ᠄ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ