9 ᠳ᠋ᠦ᠍ᠭᠡᠷ ᠰᠠᠷ᠎ᠠ ᠪᠣᠯ᠂ ᠪᠥᠬᠥ ᠣᠷᠣᠨ᠎ᠤ 41 ᠳ᠋ᠦ᠍ᠭᠡᠷ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠣᠯᠤᠨ᠎ᠠ᠃ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠠᠢ᠌ᠭᠤᠯᠭ᠎ᠠ ᠵᠢᠨ ᠬᠤᠯᠪᠤᠭ᠋ᠠᠯᠠᠭᠰᠠᠨ ᠨᠠᠮ᠎ᠤᠨ ᠡᠭᠦᠷ᠎ᠤᠨ᠎ᠬᠢᠨ ᠮᠠᠨ᠎ᠤ ᠵᠦᠪᠯᠡᠯ᠎ᠤᠨ 《ᠠᠨᠠᠷ᠎ᠤᠨ ᠭᠡᠯᠬᠢᠶ᠎ᠡ》 ᠦᠨᠳᠦᠰᠦᠲᠡᠨ᠎ᠤ ᠠᠵᠢᠯ᠎ᠤᠨ ᠳ᠋ᠢᠭᠢᠲᠴᠢᠯᠡᠭᠰᠡᠨ ᠦᠵᠡᠬᠦᠯᠭᠡ ᠵᠢᠨ ᠲᠢᠩᠬᠢᠮ᠎ᠳᠤ ᠢᠷᠡᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠺᠠᠩ ᠢᠦᠢ ᠹᠸᠩ ᠠᠵᠢᠯᠯᠠᠭ᠎ᠠ᠎ᠳᠤ ᠣᠷᠣᠯᠴᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠭᠡᠰᠢᠭᠦᠨ ᠺᠠᠳ᠋ᠷ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠤᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ᠂ ᠲᠤᠬᠠᠢ᠌ᠯᠠᠭᠰᠠᠨ ᠠᠵᠢᠯ᠎ᠢ ᠠᠭᠤᠰᠤᠯᠴᠠᠭᠤᠯᠬᠤ᠂ ᠨᠠᠮ᠎ᠤᠨ ᠭᠡᠰᠢᠭᠦᠨ ᠵᠢᠱ᠌ᠢᠶ᠎ᠡ ᠦᠵᠡᠭᠦᠯᠬᠦ》 ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠠᠭᠪᠤᠷ ᠵᠶ᠋ᠠᠷ ᠲᠠᠮᠵᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠤᠨ ᠦᠨᠳᠦᠰᠦᠨ ᠱᠠᠲᠤᠨ᠎ᠳᠤ ᠦᠢ᠍ᠯᠡᠴᠢᠯᠡᠬᠦ ᠠᠵᠢᠯ᠎ᠤᠨ ᠰᠢᠨ᠎ᠡ ᠵᠢ ᠡᠭᠦᠳᠦᠭᠰᠡᠨ᠂ 《ᠠᠨᠠᠷ᠎ᠤᠨ ᠭᠡᠯᠬᠢᠶ᠎ᠡ》 ᠠᠵᠢᠯ᠎ᠤᠨ ᠨᠡᠷᠡᠲᠦ ᠲᠡᠮᠳᠡᠭ᠎ᠢ ᠪᠠᠢ᠌ᠭᠤᠯᠤᠭᠰᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠬᠥᠮᠦᠵᠢᠯ ᠦᠢ᠍ᠯᠡᠳᠦᠯᠭᠡ ᠵᠢ ᠪᠤᠳᠠᠳᠠᠢ ᠲᠥᠷᠥᠭᠳᠡᠯ᠎ᠲᠠᠢ ᠪᠦᠲᠦᠮᠵᠢᠲᠡᠢ ᠦᠷᠨᠢᠭᠦᠯᠦᠭᠰᠡᠨ ᠠᠯᠢ ᠤᠯᠠᠨ ᠦᠷ᠎ᠡ ᠪᠦᠲᠦᠭᠡᠯ᠎ᠢ ᠨᠠᠷᠢᠨ ᠬᠢᠨᠠᠮᠠᠭ᠋ᠠᠢ ᠤᠢ᠌ᠯᠠᠭ᠋ᠠᠵᠠᠢ᠃

《ᠠᠨᠠᠷ᠎ᠤᠨ ᠭᠡᠯᠬᠢᠶ᠎ᠡ》 ᠦᠨᠳᠦᠰᠦᠲᠡᠨ᠎ᠤ ᠠᠵᠢᠯ᠎ᠤᠨ ᠳ᠋ᠢᠭᠢᠲᠴᠢᠯᠡᠭᠰᠡᠨ ᠦᠵᠡᠬᠦᠯᠭᠡ ᠵᠢᠨ ᠲᠢᠩᠬᠢᠮ᠎ᠳᠤ ᠤᠯᠠᠨ ᠵᠶ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠭᠣᠣᠯ ᠰᠡᠳᠦᠪᠲᠦ ᠦᠵᠡᠬᠦᠯᠭᠡ ᠵᠢ ᠨᠠᠷᠢᠨ ᠬᠢᠨᠠᠮᠠᠭ᠋ᠠᠢ ᠰᠤᠨᠢᠷᠬᠠᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠬᠠᠷᠠᠭᠤᠯᠤᠭᠰᠠᠨ ᠡᠬᠢᠯᠡᠯᠲᠡ ᠵᠢᠨ ᠺᠠᠷᠲ᠋ᠣᠨ᠂ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ》᠂ 《ᠰᠡᠳᠬᠢᠯ ᠵᠶ᠋ᠡᠨ ᠨᠢᠭᠡᠳᠭᠡᠨ ᠬᠦᠴᠦ᠎ᠪᠠᠨ ᠬᠠᠮᠳᠤᠳᠬᠠᠵᠤ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠵᠢ ᠪᠦᠳᠦᠭᠡᠨ ᠪᠠᠢ᠌ᠭᠤᠯᠤᠭᠰᠠᠨ》᠂ 《ᠬᠠᠮᠤᠭ᠎ᠤᠨ ᠭᠤᠶᠤ ᠮᠠᠯᠵᠢᠯ᠎ᠤᠨ ᠲᠠᠯᠠᠪᠠᠢ᠎ᠪᠠᠨ ᠰᠠᠨᠰᠠᠷ᠎ᠤᠨ ᠠᠶᠠᠯᠠᠯ᠎ᠳᠤ ᠵᠣᠷᠢᠭᠤᠯᠤᠭᠰᠠᠨ》 ᠭᠡᠬᠦ ᠭᠤᠷᠪᠠᠨ ᠲᠡᠦᠬᠡ ᠵᠢᠨ ᠰᠤᠳᠤᠨ ᠲᠠᠭᠤᠷᠢᠰᠬᠠᠯ MG ᠺᠠᠷᠲ᠋ᠣᠨ᠎ᠨᠢ ᠤᠯᠠᠨ᠎ᠤ ᠠᠩᠬᠠᠷᠣᠯ᠎ᠢ ᠲᠠᠲᠠᠵᠠᠢ᠃ ᠤᠯᠠᠨ ᠵᠶ᠋ᠠᠷ ᠵᠶ᠋ᠠᠨ ᠪᠠᠰᠠ ᠡᠯ᠎ᠡ ᠲᠦᠷᠦᠯ᠎ᠤᠨ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠬᠢᠴᠢᠯᠠᠯᠲᠠ ᠵᠢᠨ ᠪᠦᠲᠦᠭᠡᠭᠳᠡᠬᠦᠨ᠂ 《ᠰᠠᠯᠬᠢᠴᠢ ᠬᠡᠭᠡᠷ》 ᠮᠣᠷᠢ ᠤᠨᠤᠵᠤ ᠰᠤᠷ ᠬᠠᠷᠪᠤᠬᠤ ᠵᠡᠷᠭᠡ ᠬᠠᠷᠢᠯᠴᠠᠨ ᠦᠢ᠍ᠯᠡᠳᠦᠯᠴᠡᠬᠦ ᠲᠦᠷᠦᠯ ᠵᠦᠢ᠍ᠯ᠎ᠢ ᠪᠡᠶᠡᠴᠢᠯᠡᠨ ᠣᠢ᠌ᠯᠠᠭ᠋ᠠᠪᠠ᠃

ᠤᠯᠠᠨ ᠵᠶ᠋ᠠᠷ ᠵᠶ᠋ᠠᠨ ᠲᠤᠰ ᠤᠳᠠᠭ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠲᠠᠮᠵᠢᠵᠦ᠂ ᠬᠡᠷᠬᠢᠨ ᠪᠤᠳᠠᠳᠠᠢ ᠲᠥᠷᠥᠭᠳᠡᠯ᠎ᠲᠠᠢ ᠪᠥᠲᠥᠮᠵᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠤᠯᠠᠮ ᠭᠦᠨᠵᠡᠭᠡᠢ ᠲᠠᠨᠢᠯᠲᠠ᠎ᠲᠠᠢ ᠪᠤᠯᠵᠦ᠂ ᠬᠣᠢ᠌ᠰᠢᠳᠠ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠠᠵᠢᠯ᠎ᠤᠨ ᠵᠶ᠋ᠡᠨ ᠡᠯ᠎ᠡ ᠲᠠᠯ᠎ᠠ ᠪᠦᠬᠦ ᠶᠠᠪᠤᠴᠠ᠎ᠳᠤ ᠪᠣᠳᠠᠲᠠᠢ ᠨᠠᠢ᠌ᠳᠠᠪᠤᠷᠢᠵᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ