2024 ᠣᠨ᠎ᠤ 9 ᠳ᠋ᠦ᠍ᠭᠡᠷ ᠰᠠᠷ᠎ᠠ ᠵᠢᠨ 23᠎ᠠᠴᠠ 24 ᠪᠣᠯᠲᠠᠯ᠎ᠠ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠬᠤ ᠬᠤᠷᠠᠯ ᠵᠢᠴᠢ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ ᠰᠢᠯᠢ ᠵᠢᠨ ᠭᠣᠣᠯ ᠠᠢ᠌ᠮᠠᠭ᠎ᠤᠨ ᠰᠢᠯᠢᠩᠬᠤᠳᠠ᠎ᠳᠤ ᠶᠠᠪᠤᠭᠳᠠᠪᠠ᠃

ᠬᠤᠷᠠᠯ᠎ᠳᠤ ᠣᠷᠣᠯᠴᠠᠭᠰᠠᠳ ᠰᠢᠯᠢ ᠵᠢᠨ ᠭᠣᠣᠯ ᠠᠢ᠌ᠮᠠᠭ᠎ᠤᠨ ᠰᠥᠨᠢᠳ ᠵᠡᠭᠦᠨ ᠬᠣᠰᠢᠭᠤᠨ᠎ᠤ 《ᠤᠯᠤᠰ᠎ᠤᠨ ᠬᠡᠦᠬᠡᠳ》 ᠦᠵᠡᠬᠦᠯᠭᠡ ᠵᠢᠨ ᠣᠷᠳᠣᠨ᠂ ᠰᠢᠯᠢᠩᠬᠣᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠂ ᠰᠢᠯᠢᠩᠬᠣᠲᠠ ᠵᠢᠨ ᠬᠤᠸᠠ ᠶᠢᠦ ᠨᠡᠢ᠌ᠭᠡᠮ ᠲᠣᠭᠣᠷᠢᠭ᠎ᠤᠨ ᠨᠠᠮ ᠤᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠰᠢᠯᠢ ᠵᠢᠨ ᠭᠣᠣᠯ ᠠᠢ᠌ᠮᠠᠭ᠎ᠤᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ ᠵᠡᠷᠭᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠦᠷ᠎ᠡ ᠪᠦᠲᠦᠭᠡᠯ᠎ᠤᠨ ᠦᠵᠡᠬᠦᠯᠭᠡ ᠵᠢ ᠲᠣᠭᠣᠷᠢᠨ ᠦᠵᠡᠪᠡ᠃ ᠲᠦᠩᠯᠢᠶᠣᠣ ᠬᠤᠳᠠ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠤᠳᠠ᠂ ᠣᠷᠳᠣᠰ ᠬᠤᠳᠠ᠂ ᠪᠠᠶᠠᠨᠨᠠᠭᠤᠷ ᠬᠤᠳᠠ ᠪᠣᠯᠣᠨ ᠦᠬᠠᠢ ᠬᠤᠳᠠ ᠵᠡᠷᠭᠡ ᠠᠢ᠌ᠮᠠᠭ ᠬᠤᠳᠠ ᠵᠢᠨ᠎ᠬᠢᠨ ᠡᠯ᠎ᠡ ᠭᠠᠵᠠᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠠᠭᠤᠯᠤᠭᠳᠠᠬᠤᠨ ᠵᠶ᠋ᠠᠨ ᠭᠦᠨᠵᠡᠭᠡᠢ᠌ᠷᠡᠭᠦᠯᠬᠦ᠂ ᠬᠡᠯᠪᠡᠷᠢ᠎ᠪᠠᠨ ᠪᠠᠶᠠᠯᠢᠭᠵᠢᠭᠤᠯᠬᠤ᠂ ᠠᠷᠭ᠎ᠠ ᠵᠢᠨ ᠰᠢᠨ᠎ᠡ ᠵᠢ ᠡᠭᠦᠳᠬᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠢ ᠴᠢᠨᠠᠷ ᠰᠠᠢ᠌ᠲᠠᠢ ᠥᠷᠨᠢᠭᠦᠯᠬᠦ ᠵᠢ ᠠᠬᠢᠭᠤᠯᠬᠤ ᠲᠤᠬᠠᠢ ᠰᠠᠨᠠᠯ ᠵᠶ᠋ᠠᠨ ᠰᠤᠯᠢᠯᠴᠠᠵᠦ ᠶᠠᠷᠢᠶ᠎ᠠ ᠲᠠᠯᠪᠢᠪᠠ᠃

ᠠᠵᠢᠯᠯᠠᠭ᠎ᠠ ᠵᠢᠨ ᠬᠤᠭᠤᠴᠠᠭ᠋ᠠᠨ᠎ᠳᠤ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ᠃ ᠬᠤᠷᠠᠯ᠎ᠠᠴᠠ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ᠌ᠷᠡᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠲᠤᠭᠤᠰᠢᠯᠠᠭᠤᠯᠬᠤ ᠤᠯᠤᠰ ᠲᠥᠷᠥ ᠵᠢᠨ ᠦᠨᠳᠦᠷᠴᠨ᠎ᠠᠴᠠ᠂ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠬᠤ ᠬᠠᠷᠠᠭ᠋ᠠᠰᠤ᠎ᠠᠴᠠ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ ᠵᠣᠭᠰᠤᠴᠠ᠎ᠠᠴᠠ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠵᠥᠪ ᠲᠠᠨᠢᠯᠲᠠ ᠵᠢ ᠪᠤᠢ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ ᠪᠥᠭᠡᠳ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠤᠨ ᠨᠢᠳᠦᠨ᠎ᠳᠤ ᠦᠵᠡᠭᠳᠡᠮ᠎ᠡ᠂ ᠭᠠᠷ᠎ᠲᠤ ᠪᠠᠷᠢᠭᠳᠠᠮ᠎ᠠ᠂ ᠭᠦᠨ ᠲᠥᠷᠥᠭᠳᠡᠯ᠎ᠲᠠᠢ ᠦᠷ᠎ᠡ ᠪᠦᠲᠦᠭᠡᠯ ᠵᠶ᠋ᠡᠷ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠳᠣᠬᠠᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠳᠤ ᠲᠤᠯᠭ᠋ᠠᠷᠠᠵᠤ ᠪᠠᠢ᠌ᠭ᠎ᠠ ᠥᠷᠢᠰᠦᠯᠳᠦᠭᠡᠨ ᠪᠣᠯᠣᠨ ᠣᠷᠣᠰᠢᠵᠤ ᠪᠠᠢ᠌ᠭ᠎ᠠ ᠬᠦᠷᠦᠯᠴᠡᠬᠦ ᠦᠭᠡᠢ ᠲᠠᠯ᠎ᠠ ᠵᠢ ᠵᠣᠷᠢᠭᠲᠠᠢ᠎ᠪᠠᠷ ᠬᠦᠯᠢᠶᠡᠨ ᠠᠪᠴᠤ᠂ ᠰᠠᠨᠠᠭ᠋ᠠᠰᠢᠷᠠᠨ ᠵᠣᠪᠠᠨᠢᠬᠤ ᠤᠬᠠᠮᠰᠠᠷ᠂ ᠲᠦᠭᠰᠢᠭᠦᠷᠢ ᠵᠢᠨ ᠤᠬᠠᠮᠰᠠᠷ᠎ᠢ ᠪᠤᠢ ᠪᠣᠯᠭ᠋ᠠᠵᠤ᠂ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠪᠣᠯᠣᠨ ᠰᠢᠢ᠍ᠳᠪᠦᠷᠢᠯᠡᠬᠦ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠎ᠳᠤ ᠬᠦᠴᠦᠨ ᠨᠡᠮᠡᠷᠢᠯᠡᠵᠦ ᠠᠭᠤᠰᠤᠯᠴᠠᠭᠤᠯᠤᠨ ᠲᠤᠷᠰᠢᠯᠭ᠎ᠠ ᠪᠠ ᠦᠷ᠎ᠡ ᠪᠦᠲᠦᠭᠡᠯ ᠵᠶ᠋ᠡᠨ ᠲᠠᠰᠤᠷᠠᠯᠲᠠ ᠦᠭᠡᠢ ᠳ᠋ᠦᠩᠨᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠤᠮᠠᠷᠠᠲᠤ ᠬᠢᠯᠢ ᠵᠢᠨ ᠰᠣᠶᠣᠯ᠎ᠤᠨ ᠨᠡᠷᠡᠲᠦ ᠲᠡᠮᠳᠡᠭ᠎ᠤᠨ ᠪᠠᠢ᠌ᠭᠤᠯᠤᠯᠲᠠ᠎ᠳᠤ ᠦᠨᠳᠦᠰᠦᠯᠡᠭᠦᠯᠬᠦ ᠵᠢ ᠤᠯᠠᠮ ᠨᠢᠭᠡ ᠠᠯᠬᠤᠮ ᠬᠥᠲᠥᠯᠥᠨ ᠵᠢᠯᠤᠭᠣᠳᠴᠤ᠂ ᠡᠭᠦᠳᠦᠨ ᠪᠠᠶ᠋ᠢᠭᠤᠯᠬᠤ ᠠᠵᠢᠯ᠎ᠤᠨ ᠳᠣᠲᠣᠭ᠋ᠠᠳᠤ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ᠃ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ᠌ᠷᠡᠭᠦᠯᠬᠦ ᠵᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠬᠡᠯᠪᠡᠷᠢᠴᠢ ᠵᠢᠨ ᠦᠵᠡᠯ᠎ᠢ ᠡᠷᠡᠰ ᠰᠡᠷᠭᠡᠢ᠌ᠯᠡᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠬᠤᠷᠠᠯ᠎ᠠᠴᠠ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠠᠭᠤᠯᠤᠭᠳᠠᠬᠤᠨ᠎ᠢ ᠭᠦᠨᠵᠡᠭᠡᠢ᠌ᠷᠡᠭᠦᠯᠵᠦ᠂ ᠬᠡᠯᠪᠡᠷᠢ ᠵᠢᠨ ᠰᠢᠨ᠎ᠡ ᠵᠢ ᠡᠭᠦᠳᠴᠦ᠂ ᠠᠷᠭ᠎ᠠ᠎ᠪᠠᠨ ᠪᠠᠶᠠᠯᠢᠭᠵᠢᠭᠤᠯᠵᠤ᠂ ᠡᠭᠦᠳᠦᠨ ᠪᠠᠶ᠋ᠢᠭᠤᠯᠬᠤ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠬᠦ ᠵᠢ ᠪᠡᠶᠡᠯᠡᠭᠦᠯᠬᠦ᠂ ᠡᠭᠦᠳᠦᠨ ᠪᠠᠶ᠋ᠢᠭᠤᠯᠬᠤ ᠠᠵᠢᠯ᠎ᠤᠨ ᠤᠬᠠᠭᠤᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠵᠢ ᠴᠢᠩᠭ᠋ᠠᠳᠬᠠᠬᠤ᠂ ᠦᠨᠳᠦᠰᠦᠲᠡᠨ᠎ᠤ ᠪᠦᠯᠬᠦᠮᠳᠡᠯ ᠠᠭᠤᠰᠤᠯᠴᠠᠯ᠎ᠤᠨ ᠰᠢᠷᠢᠰ ᠠᠵᠢᠯᠯᠠᠭ᠎ᠠ ᠵᠢ ᠭᠦᠨᠵᠡᠭᠡᠢ᠌ᠷᠡᠭᠦᠯᠬᠦ᠂ ᠦᠨᠳᠦᠰᠦᠨ ᠱᠠᠲᠤᠨ᠎ᠤ ᠡᠭᠦᠳᠦᠨ ᠪᠠᠶ᠋ᠢᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠦᠯᠢᠭᠡᠷ᠎ᠢ ᠰᠠᠢ᠌ᠲᠤᠷ ᠶᠠᠷᠢᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠴᠢᠷᠮᠠᠢ᠌ᠨ ᠪᠠᠢ᠌ᠭᠤᠯᠬᠤ᠎ᠳᠤ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠦ ᠱᠠᠭ᠋ᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠶᠦᠨ ᠭᠦᠸᠧ ᠱᠧᠩ᠂ ᠰᠢᠯᠢ ᠵᠢᠨ ᠭᠣᠣᠯ ᠠᠢ᠌ᠮᠠᠭ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠵᠠᠩ ᠰᠢᠶᠣᠣ ᠵᠢᠶᠦ᠋ᠨ᠂ ᠰᠢᠯᠢ ᠵᠢᠨ ᠭᠣᠣᠯ ᠠᠢ᠌ᠮᠠᠭ᠎ᠤᠨ ᠵᠠᠬᠢᠷᠭ᠎ᠠ ᠵᠢᠨ ᠳᠡᠳ᠋ ᠠᠢ᠌ᠮᠠᠭ᠎ᠤᠨ ᠳᠠᠷᠤᠭ᠎ᠠ ᠰᠦᠨ ᠵᠧᠨ ᠵᠢᠶᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ ᠵᠢᠴᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠤᠯᠪᠤᠭᠳᠠᠯ ᠪᠦᠬᠦᠢ ᠭᠠᠵᠠᠷ ᠠᠯᠪᠠᠨ ᠭᠡᠷ᠎ᠤᠨ ᠬᠠᠷᠢᠭᠤᠴᠠᠯᠭ᠋ᠠᠲᠠᠨ᠂ ᠡᠯ᠎ᠡ ᠠᠢ᠌ᠮᠠᠭ ᠬᠣᠲᠠ ᠵᠢᠨ ᠦᠨᠳᠦᠰᠦᠳᠡᠨ᠎ᠤ ᠵᠥᠪᠯᠡᠯ᠎ᠤᠨ ᠡᠷᠬᠢᠯᠡᠭᠴᠢ᠂ ᠲᠤᠬᠠᠢ᠌ᠯᠠᠭᠰᠠᠨ ᠠᠵᠢᠯ᠎ᠤᠨ ᠰᠠᠯᠠᠭ᠋ᠠᠨ ᠳᠠᠷᠤᠭ᠎ᠠ᠂ ᠬᠡᠰᠡᠭ ᠬᠣᠰᠢᠭᠤ ᠰᠢᠶᠠᠨ (ᠬᠣᠲᠠ᠂ ᠲᠣᠭᠣᠷᠢᠭ)᠎ᠤ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢ ᠵᠢᠴᠢ ᠵᠠᠭᠤᠴᠢᠯᠠᠭᠤᠷ᠎ᠤᠨ ᠰᠤᠷᠪᠤᠯᠵᠢᠯᠠᠭᠴᠢ ᠲᠣᠰ ᠠᠵᠢᠯᠯᠠᠭ᠎ᠠ᠎ᠳᠤ ᠣᠷᠣᠯᠴᠠᠵᠠᠢ᠃
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ