ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
《ᠠᠨᠠᠷ᠎ᠤᠨ ᠬᠡᠯᠬᠢᠶ᠎ᠡ᠎ᠪᠠᠷ ᠦᠨᠳᠦᠰᠦᠲᠡᠨ᠎ᠤ ᠪᠦᠯᠬᠦᠮᠳᠡᠯ᠎ᠤᠨ ᠲᠣᠤᠷ᠎ᠢ ᠨᠢᠭᠲᠠ ᠰᠦᠯᠵᠢᠬᠦ》 ᠬᠣᠯᠪᠣᠭ᠋ᠠᠯᠠᠨ ᠰᠤᠷᠤᠯᠴᠠᠵᠤ ᠬᠠᠮᠲᠤᠷᠠᠨ ᠪᠠᠢ᠌ᠭᠤᠯᠬᠤ ᠨᠠᠮ᠎ᠤᠨ ᠡᠭᠦᠷ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠦᠢᠯᠡᠳᠦᠯᠭᠡ ᠬᠥᠮᠦᠵᠢᠯ᠎ᠢ ᠭᠦᠨᠵᠡᠭᠡᠢ᠌ᠷᠡᠭᠦᠯᠬᠦ ᠠᠵᠢᠯᠯᠠᠭ᠎ᠠ (ᠬᠣᠶᠠᠷ)
ᠨᠡᠶ᠋ᠢᠲᠡᠯᠡᠭᠰᠡᠨ ᠴᠠᠭ᠄ 2024-09-30

      9 ᠳ᠋ᠦ᠍ᠭᠡᠷ ᠰᠠᠷ᠎ᠠ ᠪᠣᠯ ᠪᠥᠬᠥ ᠣᠷᠣᠨ᠎ᠤ 41 ᠳ᠋ᠦ᠍ᠭᠡᠷ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠣᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤᠳᠬᠠᠬᠤ ᠤᠬᠠᠭᠤᠯᠭ᠎ᠠ ᠬᠥᠮᠦᠵᠢᠯ᠎ᠢ ᠪᠤᠲᠠᠲᠠᠢ ᠲᠥᠷᠥᠭᠳᠡᠯ᠎ᠲᠠᠢ ᠪᠥᠲᠥᠮᠵᠢ᠎ᠲᠠᠢ ᠨᠠᠷᠢᠯᠢᠭ ᠪᠤᠲᠠᠲᠠᠢ ᠨᠠᠢ᠌ᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ  ᠵᠥᠪᠯᠡᠯ᠎ᠤᠨ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠦᠪᠡᠷᠲᠡᠭᠡᠨ ᠵᠠᠰᠠᠬᠤ ᠣᠷᠤᠨ᠎ᠤ ᠬᠡᠮᠵᠢᠨ  ᠵᠢᠷᠤᠭᠯᠠᠯᠲᠠ ᠭᠠᠵᠠᠷ ᠵᠦᠶ ᠵᠢᠨ ᠮᠡᠳᠡᠭᠡ ᠵᠠᠩᠭᠢ ᠵᠢᠨ ᠲᠥᠪ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠲᠠᠯ᠎ᠠ ᠨᠤᠲᠤᠭ᠎ᠤᠨ ᠡᠭᠦᠯᠡᠨᠴᠢᠷ ᠪᠥᠷᠢᠨ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠵᠢᠯᠣᠭᠣᠳᠬᠤ ᠲᠥᠪ ᠵᠢᠴᠢ ᠥᠪᠥᠷ ᠮᠣᠩᠭᠣᠯ᠎ᠤᠨ ᠵᠢᠷᠤᠭᠲᠤ ᠰᠡᠳᠬᠦᠯ᠎ᠤᠨ ᠬᠣᠷᠢᠶ᠎ᠠ ᠵᠡᠷᠭᠡ᠎ᠪᠠᠷ ᠪᠦᠷᠢᠯᠳᠦᠭᠰᠡᠨ 《ᠠᠨᠠᠷ᠎ᠤᠨ ᠬᠡᠯᠬᠢᠶ᠎ᠡ᠎ᠪᠠᠷ ᠦᠨᠳᠦᠰᠦᠲᠡᠨ᠎ᠤ ᠪᠦᠯᠬᠦᠮᠳᠡᠯ᠎ᠤᠨ ᠲᠣᠤᠷ᠎ᠢ ᠨᠢᠭᠲᠠ ᠰᠦᠯᠵᠢᠬᠦ》 ᠬᠣᠯᠪᠤᠭ᠋ᠠᠯᠠᠨ ᠰᠤᠷᠤᠯᠴᠠᠵᠤ ᠬᠠᠮᠲᠤᠷᠠᠨ ᠪᠠᠢ᠌ᠭᠤᠯᠬᠤ ᠨᠠᠮ᠎ᠤᠨ ᠡᠭᠦᠷ᠎ᠤᠨ᠎ᠬᠢᠨ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠬᠦᠷᠴᠦ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠬᠠᠮᠲᠤ᠎ᠪᠠᠷ ᠴᠣᠭᠴᠠᠯᠠᠬᠤ》 ᠭᠣᠤᠯ ᠰᠡᠳᠦᠪᠲᠦ ᠦᠢᠯᠡᠳᠦᠯᠭᠡ ᠬᠥᠮᠦᠵᠢᠯ᠎ᠤᠨ ᠠᠵᠢᠯᠯᠠᠭ᠎ᠠ ᠵᠢ ᠦᠷᠨᠢᠭᠦᠯᠪᠡ᠃

1.jpg

      ᠠᠵᠢᠯᠯᠠᠭ᠎ᠠ᠎ᠨᠢ ᠵᠠᠷ ᠮᠡᠳᠡᠭᠳᠡᠯ᠎ᠤᠨ ᠤᠬᠠᠭᠤᠯᠭ᠎ᠠ ᠦᠵᠡᠭᠦᠯᠭᠡ ᠡᠷᠬᠢᠯᠡᠬᠦ᠂ ᠲᠤᠰᠬᠠᠶ ᠮᠡᠷᠭᠡᠵᠢᠯᠲᠡᠨ᠎ᠢ ᠤᠷᠢᠵᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠤᠯᠤᠰ᠎ᠤᠨ ᠨᠤᠲᠤᠭ ᠳᠡᠪᠢᠰᠬᠡᠷ᠎ᠤᠨ ᠠᠮᠤᠷ ᠲᠦᠪᠰᠢᠨ᠎ᠢ ᠰᠠᠬᠢᠨ ᠬᠠᠮᠠᠭ᠋ᠠᠯᠠᠬᠤ》 ᠰᠡᠳᠦᠪ ᠵᠶ᠋ᠡᠷ ᠲᠠᠢ᠌ᠯᠤᠮᠵᠢ ᠬᠢᠯᠭᠡᠬᠦ᠂ ᠰᠡᠳᠦᠪ ᠬᠠᠷᠢᠭᠤᠯᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠶᠠᠪᠤᠭᠳᠠᠪᠠ᠃ ᠬᠣᠯᠪᠤᠭ᠋ᠠᠯᠠᠨ ᠰᠤᠷᠤᠯᠴᠠᠵᠤ ᠬᠠᠮᠲᠤᠷᠠᠨ ᠪᠠᠢ᠌ᠭᠤᠯᠬᠤ ᠨᠠᠮ᠎ᠤᠨ ᠡᠭᠦᠷ ᠵᠢᠴᠢ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠣᠷᠣᠭᠴᠢ ᠨᠡᠢ᠌ᠲᠡ 1500 ᠭᠠᠷᠤᠶ ᠬᠥᠮᠦᠨ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠭᠯᠠᠯᠲᠠ ᠭᠠᠵᠠᠷ ᠵᠦᠶ ᠵᠢᠨ ᠮᠡᠳᠡᠭᠡ ᠵᠠᠩᠭᠢ ᠵᠢᠨ ᠲᠥᠪ᠎ᠠᠴᠠ ᠰᠤᠷᠤᠭᠴᠢᠳ᠎ᠲᠤ ᠥᠪᠥᠷ ᠮᠣᠩᠭᠣᠯ᠎ᠤᠨ ᠪᠠᠷᠢᠮᠵᠢᠶᠠᠲᠤ ᠭᠠᠵᠠᠷ᠎ᠤᠨ ᠵᠢᠷᠤᠭ᠎ᠢ ᠲᠠᠷᠬᠠᠭ᠋ᠠᠵᠤ᠂ ᠭᠠᠵᠠᠷ᠎ᠤᠨ ᠵᠢᠷᠤᠭ᠎ᠢ ᠬᠢᠨᠠᠨ ᠬᠠᠷᠭᠤᠭᠤᠯᠬᠤ ᠲᠤᠰᠬᠠᠶ ᠮᠡᠷᠭᠡᠵᠢᠯᠲᠡᠨ᠂ ᠳᠡᠭᠡᠳᠦ ᠵᠡᠷᠭᠡ ᠵᠢᠨ ᠢᠨᠵᠧᠨᠧᠷ ᠯᠢ ᠵᠢᠶ᠎ᠠᠴᠠ ᠮᠠᠨ᠎ᠤ ᠤᠯᠤᠰ᠎ᠤᠨ ᠭᠠᠵᠠᠷ ᠵᠦᠶ ᠵᠢᠨ ᠪᠠᠢ᠌ᠷᠢᠰᠢᠯᠡᠯ᠂ ᠬᠢᠯᠢ ᠬᠢᠵᠠᠭ᠋ᠠᠷ ᠣᠷᠣᠨ᠎ᠤ ᠲᠠᠯᠠᠪᠠᠶ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ ᠵᠡᠷᠭᠡ ᠭᠠᠵᠠᠷ ᠵᠦᠶ ᠵᠢᠨ ᠮᠡᠳᠡᠯᠭᠡ ᠵᠢᠴᠢ ᠭᠠᠵᠠᠷ᠎ᠤᠨ ᠵᠢᠷᠤᠭ᠎ᠢ ᠬᠡᠷᠬᠢᠨ ᠵᠥᠪ ᠬᠡᠷᠡᠭᠯᠡᠬᠦ ᠵᠢᠨ ᠴᠢᠬᠤᠯᠠ ᠠᠴᠢ ᠬᠣᠯᠪᠣᠭᠳᠠᠯ᠎ᠤᠨ ᠲᠣᠭᠣᠷᠢᠨ᠎ᠳᠤ  ᠠᠰᠠᠭᠤᠳᠠᠯ᠎ᠲᠠᠢ ᠭᠠᠵᠠᠷ᠎ᠤᠨ ᠵᠢᠷᠤᠭ᠎ᠢ ᠢᠯᠭ᠋ᠠᠨ ᠲᠠᠨᠢᠬᠤ᠂ ᠪᠠᠷᠢᠮᠵᠢᠶᠠᠲᠤ ᠭᠠᠵᠠᠷ᠎ᠤᠨ ᠵᠢᠷᠤᠭ᠎ᠢ ᠵᠥᠪ ᠬᠡᠷᠡᠭᠯᠡᠬᠦ ᠲᠤᠬᠠᠶ ᠲᠤᠰᠬᠠᠶ ᠰᠡᠳᠦᠪᠲᠦ ᠲᠠᠢ᠌ᠯᠤᠮᠵᠢ ᠬᠢᠪᠠ᠃ ᠮᠡᠳᠡᠯᠭᠡ ᠵᠢᠨ ᠠᠰᠠᠭᠤᠯᠲᠠ ᠬᠠᠷᠢᠭᠤᠯᠲᠠ ᠵᠢ ᠰᠤᠷᠤᠭᠴᠢᠳ ᠢᠳᠡᠪᠬᠢᠲᠡᠢ ᠰᠡᠳᠬᠢᠨ ᠪᠣᠳᠣᠯᠬᠢᠯᠠᠵᠤ᠂ ᠬᠥᠷ ᠬᠦᠩᠵᠢᠶᠡᠨᠲᠡᠢ᠎ᠪᠠᠷ ᠢᠳᠡᠪᠬᠢᠲᠡᠢ ᠣᠷᠣᠯᠴᠠᠵᠤ᠂ ᠡᠯᠪᠡᠭ ᠪᠠᠶᠠᠯᠢᠭ ᠠᠭᠤᠯᠤᠭᠳᠠᠬᠤᠨ᠎ᠲᠠᠢ᠂ ᠭᠣᠢ᠌ᠳᠠ ᠰᠠᠢ᠌ᠬᠠᠨ 《ᠡᠯᠢᠭᠡ ᠨᠢᠭᠡᠲᠡᠨ ᠶᠠᠷᠢᠶᠠᠨ᠎ᠤ ᠲᠠᠩᠬᠢᠮ》᠎ᠢ ᠬᠠᠮᠲᠤ᠎ᠪᠠᠷ ᠪᠣᠢ ᠪᠣᠯᠭ᠋ᠠᠪᠠ᠃
      ᠲᠤᠰ ᠤᠳᠠᠭ᠋ᠠᠨ᠎ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠢ᠌ᠭᠤᠯᠤᠯᠲᠠ ᠪᠣᠯᠤᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢ᠌ᠭᠤᠯᠤᠯᠲᠠ᠎ᠳᠤ ᠠᠭᠤᠰᠤᠯᠴᠠᠭᠤᠯᠤᠭᠰᠠᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠣᠳᠠᠲᠠᠢ ᠲᠥᠷᠥᠭᠳᠡᠯ᠎ᠲᠠᠢ ᠪᠥᠲᠥᠮᠵᠢ᠎ᠲᠠᠢ ᠨᠠᠢ᠌ᠳᠠᠪᠤᠷᠢᠵᠢᠭᠤᠯᠤᠭᠰᠠᠨ ᠰᠢᠨ᠎ᠡ ᠡᠭᠦᠳᠦᠯᠲᠡ᠎ᠲᠠᠢ ᠦᠢ᠍ᠯᠡᠳᠦᠯᠭᠡ ᠪᠣᠯᠤᠨ᠎ᠠ᠃ ᠲᠣᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠵᠤ᠂ ᠣᠯᠠᠨ ᠵᠶ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢᠨ 《ᠳᠥᠷᠪᠡᠨ ᠬᠠᠮᠲᠤ᠎ᠪᠠᠷ》᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠤᠯᠵᠢᠬᠤᠨ᠎ᠤ 《ᠳᠥᠷᠪᠡᠨ ᠬᠠᠮᠲᠤᠳᠬᠠᠬᠤ》᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ 《ᠲᠠᠪᠤᠨ ᠮᠡᠳᠡᠷᠡᠬᠦᠢ》 ᠵᠡᠷᠭᠡ ᠵᠢ ᠨᠠᠩ ᠭᠦᠨᠵᠡᠭᠡᠶ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠬᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠪᠠ᠃
      ᠠᠵᠢᠯᠯᠠᠭ᠎ᠠ ᠵᠢᠨ ᠰᠠᠷ᠎ᠠ ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠣᠯᠪᠤᠭ᠋ᠠᠯᠠᠨ ᠰᠤᠷᠤᠯᠴᠠᠵᠤ ᠬᠠᠮᠲᠤᠷᠠᠨ ᠪᠠᠢ᠌ᠭᠤᠯᠬᠤ ᠠᠵᠢᠯᠯᠠᠭ᠎ᠠ ᠵᠢᠨ ᠬᠥᠭᠥᠷᠭᠡ ᠬᠣᠯᠪᠣᠭ᠋ᠠᠰᠤ ᠵᠢᠨ ᠦᠢᠯᠡᠳᠦᠯ ᠵᠢᠴᠢ 《ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠲᠡ》᠂ 《ᠪᠥᠬᠥ ᠣᠷᠣᠨ᠎ᠤ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ》 ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠠᠨᠠᠷ᠎ᠤᠨ ᠬᠡᠯᠬᠢᠶ᠎ᠡ᠎ᠪᠠᠷ ᠦᠨᠳᠦᠰᠦᠲᠡᠨ᠎ᠤ ᠪᠦᠯᠬᠦᠮᠳᠡᠯ᠎ᠤᠨ ᠲᠣᠤᠷ᠎ᠢ ᠨᠢᠭᠲᠠ ᠰᠦᠯᠵᠢᠬᠦ》 ᠬᠣᠯᠪᠤᠭ᠋ᠠᠯᠠᠨ ᠰᠤᠷᠤᠯᠴᠠᠵᠤ ᠬᠠᠮᠲᠤᠷᠠᠨ ᠪᠠᠢ᠌ᠭᠤᠯᠬᠤ ᠨᠢᠭᠡᠴᠢ ᠵᠢ ᠵᠣᠬᠢᠶᠠᠨ ᠪᠠᠢ᠌ᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠬᠤ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠤᠯ ᠰᠢᠵᠢᠮ᠎ᠳᠤ ᠠᠩᠬᠠᠷᠤᠯ ᠵᠶ᠋ᠠᠨ  ᠲᠥᠪᠯᠡᠷᠡᠭᠦᠯᠵᠦ᠂ ᠪᠠᠶᠠᠯᠢᠭ ᠰᠠᠢ᠌ᠬᠠᠨ ᠠᠵᠢᠯᠯᠠᠭ᠎ᠠ ᠦᠷᠨᠢᠭᠦᠯᠵᠦ᠂ ᠤᠶᠤᠲᠠᠳ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ᠂ ᠰᠠᠬᠢᠨ ᠬᠠᠮᠠᠭ᠋ᠠᠯᠠᠭᠴᠢ ᠪᠣᠯᠵᠤ᠂ ᠳᠤᠮᠳᠠᠳᠤ ᠵᠢᠨ ᠬᠦᠰᠡᠯ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠵᠢ ᠬᠦᠲᠦᠯᠦᠨ ᠵᠢᠯᠤᠭᠤᠳᠪᠠ᠃




        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠣᠳᠣᠯᠣᠯ ᠬᠡᠷᠡᠭᠯᠡᠭᠡᠨ᠎ᠤ ᠲᠥᠪ