ᠣᠢ᠌ᠷ᠎ᠠ᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠤᠯᠢ ᠲᠣᠭᠲᠠᠭ᠋ᠠᠬᠤ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ ᠬᠤᠪᠸᠢ ᠮᠤᠵᠢ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠤᠸᠠᠩ ᠾᠦᠢ ᠵᠢᠨ ᠪᠠᠢ᠌ᠴᠠᠭ᠋ᠠᠨ ᠰᠤᠳᠤᠯᠬᠤ ᠳᠤᠭᠤᠢ᠌ᠯᠠᠩ ᠳᠠᠭ᠋ᠠᠭᠤᠯᠤᠨ ᠮᠠᠨ᠎ᠤ ᠣᠷᠣᠨ᠎ᠤ ᠬᠥᠯᠥᠨ ᠪᠣᠢ᠌ᠷ ᠬᠣᠲᠠ᠎ᠳᠤ ᠢᠷᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠤᠯᠢᠵᠢᠯ᠎ᠤᠨ ᠪᠠᠢ᠌ᠭᠤᠯᠤᠯᠲᠠ ᠵᠢᠨ ᠠᠵᠢᠯ᠎ᠤᠨ ᠲᠤᠷᠰᠢᠯᠭ᠎ᠠ ᠵᠢ ᠰᠤᠷᠤᠯᠴᠠᠨ ᠪᠠᠢ᠌ᠴᠠᠭ᠋ᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠲᠥᠷᠥ ᠵᠢᠨ ᠪᠣᠳᠣᠯᠭ᠎ᠠ ᠬᠠᠤᠯᠢ ᠳᠥᠷᠢᠮ᠎ᠤᠨ ᠭᠠᠵᠠᠷ᠎ᠤᠨ ᠬᠠᠷᠢᠭᠤᠴᠠᠯᠭ᠋ᠠᠲᠠᠨ᠂ ᠬᠥᠯᠥᠨ ᠪᠣᠢ᠌ᠷ ᠬᠣᠲᠠ ᠵᠢᠨ ᠦᠨᠳᠦᠰᠦᠲᠡᠨ᠎ᠤ ᠵᠥᠪᠯᠡᠯ᠎ᠤᠨ ᠬᠠᠮᠢᠶ᠎ᠠ ᠪᠥᠬᠥᠶ ᠨᠥᠬᠥᠳ ᠪᠠᠷ᠎ᠠ ᠪᠣᠯᠵᠣ ᠪᠠᠢ᠌ᠴᠠᠭ᠋ᠠᠨ ᠰᠤᠳᠤᠯᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ ᠤᠷᠢᠳ ᠬᠣᠵᠢᠳ ᠬᠥᠯᠥᠨ ᠪᠣᠢ᠌ᠷ ᠬᠣᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠰᠠᠭᠤᠷᠢᠨ ᠭᠠᠵᠠᠷ᠂ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ᠎ᠤᠨ ᠵᠥᠷᠢᠴᠡᠯ᠎ᠢ ᠵᠤᠬᠢᠴᠠᠭᠤᠯᠬᠤ ᠦᠢᠯᠡᠴᠢᠯᠡᠭᠡᠨ᠎ᠤ ᠲᠥᠪ᠂ ᠬᠠᠭᠤᠴᠢᠨ ᠪᠠᠷᠭᠤ ᠬᠣᠰᠢᠭᠤᠨ᠎ᠤ ᠵᠠᠯᠠᠭᠤᠴᠤᠳ ᠪᠠᠭ᠋ᠠᠴᠤᠳ᠎ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠭᠠᠵᠠᠷ ᠵᠶ᠋ᠠᠷ ᠪᠠᠢ᠌ᠴᠠᠭ᠋ᠠᠨ ᠰᠤᠳᠤᠯᠤᠯᠲᠠ ᠬᠢᠵᠦ᠂ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠬᠦ᠂ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠂ ᠲᠤᠬᠠᠶ ᠵᠢᠨ ᠲᠠᠯᠠᠪᠠᠶ᠎ᠳᠤ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠣᠢ᠌ᠷ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠤᠯᠢᠵᠢᠯ᠎ᠤᠨ ᠪᠠᠢ᠌ᠭᠤᠯᠤᠯᠲᠠ ᠵᠢ ᠠᠬᠢᠭᠤᠯᠤᠭᠰᠠᠨ ᠰᠢᠨ᠎ᠡ ᠵᠢ ᠡᠭᠦᠳᠦᠭᠰᠡᠨ ᠠᠷᠭ᠎ᠠ ᠬᠢᠳᠡᠯ᠎ᠢ ᠨᠠᠷᠢᠨ ᠣᠢ᠌ᠯᠠᠭ᠋ᠠᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠤᠯᠢ ᠲᠣᠭᠲᠠᠭ᠋ᠠᠬᠤ ᠠᠵᠢᠯ᠎ᠤᠨ ᠬᠣᠯᠪᠣᠭᠳᠠᠯ ᠪᠥᠬᠥᠶ ᠲᠤᠷᠰᠢᠯᠭ᠎ᠠ ᠵᠢ ᠲᠣᠯᠢᠯᠠᠨ ᠳᠡᠯᠭᠡᠷᠡᠭᠦᠯᠵᠦ ᠪᠣᠯᠤᠮᠠᠷ ᠪᠣᠢ ᠪᠥᠭᠡᠳ᠂ ᠬᠤᠪᠸᠢ ᠮᠤᠵᠢ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠤᠯᠢ ᠲᠣᠭᠲᠠᠭ᠋ᠠᠬᠤ ᠠᠵᠢᠯ᠎ᠢ ᠠᠬᠢᠭᠤᠯᠬᠤ ᠲᠠᠯ᠎ᠠ᠎ᠳᠤ ᠰᠡᠳᠬᠢᠴᠡ ᠪᠠ ᠠᠷᠭ᠎ᠠ ᠬᠠᠩᠭ᠋ᠠᠭᠰᠠᠨ ᠪᠠᠢ᠌ᠨ᠎ᠠ ᠭᠡᠪᠡ᠃ ᠲᠣᠰ ᠤᠳᠠᠭ᠋ᠠᠨ᠎ᠤ ᠮᠤᠵᠢ ᠣᠷᠣᠨ ᠠᠯᠤᠰᠯᠠᠨ ᠪᠠᠢ᠌ᠴᠠᠭ᠋ᠠᠨ ᠰᠤᠳᠤᠯᠤᠯᠲᠠ ᠬᠢᠭᠰᠡᠨ᠎ᠨᠢ ᠬᠣᠶᠠᠷ ᠭᠠᠵᠠᠷ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠥᠯᠢᠵᠢᠯ᠎ᠤᠨ ᠪᠠᠢ᠌ᠭᠤᠯᠤᠯᠲᠠ ᠵᠢᠨ ᠰᠣᠯᠢᠯᠴᠠᠭ᠎ᠠ᠎ᠳᠤ ᠲᠠᠪᠴᠠᠩ ᠪᠠ ᠲᠣᠬᠢᠶᠠᠯ ᠬᠠᠩᠭ᠋ᠠᠭᠰᠠᠨ ᠮᠦᠷᠳᠡᠬᠡᠨ ᠬᠠᠤᠯᠢ ᠲᠣᠭᠲᠠᠭ᠋ᠠᠬᠤ ᠠᠵᠢᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ ᠵᠢᠨ ᠠᠰᠢᠭᠲᠠᠶ ᠰᠥᠪᠡᠭᠴᠢᠯᠡᠯᠲᠡ ᠪᠣᠯᠵᠠᠢ᠂ ᠨᠠᠩ ᠴᠤ᠌ ᠬᠠᠥᠯᠢᠵᠢᠯ᠎ᠤᠨ ᠰᠡᠳᠬᠢᠬᠦᠶ ᠪᠠ ᠬᠠᠥᠯᠢᠵᠢᠯ᠎ᠤᠨ ᠠᠷᠭ᠎ᠠ ᠬᠡᠯᠪᠡᠷᠢ᠎ᠪᠠᠷ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠵᠢᠨ ᠴᠢᠬᠤᠯᠠ ᠢᠯᠡᠷᠡᠯ ᠪᠣᠯᠵᠠᠢ ᠬᠡᠵᠦ ᠬᠣᠶᠠᠷ ᠲᠠᠯ᠎ᠠ᠎ᠪᠠᠷ ᠵᠶ᠋ᠠᠨ ᠰᠠᠨᠠᠯ ᠨᠢᠭᠡᠲᠡᠶ ᠦᠵᠡᠵᠡᠭᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ