2024 ᠣᠨ᠎ᠤ 8 ᠳ᠋ᠤᠭ᠋ᠠᠷ ᠰᠠᠷ᠎ᠠ ᠵᠢᠨ 19᠎ᠠᠴᠠ 22᠎ᠤᠨ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠨᠠᠢᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠤᠨ ᠠᠵᠢᠯ᠎ᠤᠨ ᠬᠠᠮᠵᠢᠯᠴᠠᠬᠤ ᠳᠤᠭᠤᠢ᠌ᠯᠠᠩ᠎ᠤᠨ ᠠᠯᠪᠠᠨ ᠬᠡᠷ᠎ᠠᠴᠠ ᠭᠣᠤᠯᠯᠠᠨ ᠡᠷᠭᠢᠯᠡᠵᠦ᠂ ᠪᠠᠶᠠᠨᠨᠠᠭᠤᠷ ᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠠᠴᠠ ᠳᠠᠭ᠋ᠠᠭ᠋ᠠᠴᠢᠯᠠᠨ ᠡᠷᠭᠢᠯᠡᠭᠰᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠨᠠᠢᠮᠠᠨ ᠮᠤᠵᠢ ᠣᠷᠣᠨ᠎ᠤ ᠮᠣᠩᠭᠣᠯ ᠨᠡᠷ᠎ᠡ ᠲᠣᠮᠢᠶᠠᠨᠤ ᠰᠤᠳᠤᠯᠤᠨ ᠰᠤᠷᠤᠯᠴᠠᠬᠤ ᠠᠩᠭᠢ ᠵᠢ ᠥᠪᠥᠷ ᠮᠣᠩᠭᠣᠯ᠎ᠤᠨ ᠪᠠᠶᠠᠨᠨᠠᠭᠤᠷ ᠬᠣᠲᠠ᠎ᠳᠤ ᠡᠷᠬᠢᠯᠡᠪᠡ᠃ ᠨᠠᠢᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠤᠨ ᠠᠵᠢᠯ᠎ᠤᠨ ᠬᠠᠮᠵᠢᠯᠴᠠᠬᠤ ᠳᠤᠭᠤᠢ᠌ᠯᠠᠩ᠎ᠤᠨ ᠪᠦᠷᠢᠯᠳᠦᠬᠦᠨ ᠨᠢᠭᠡᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠵᠢᠯᠴᠠᠬᠤ ᠨᠢᠭᠡᠴᠢ ᠵᠢᠴᠢ ᠡᠯ᠎ᠡ ᠠᠢ᠌ᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠪᠠᠢ᠌ᠭᠤᠯᠭ᠎ᠠ ᠪᠣᠯᠤᠨ ᠵᠥᠪᠯᠡᠯ᠎ᠤᠨ ᠬᠠᠷᠢᠶ᠎ᠠ ᠨᠢᠭᠡᠴᠢ ᠵᠢᠨ ᠦᠨᠳᠦᠰᠦᠲᠡᠨ᠎ᠤ ᠬᠡᠯᠡ ᠪᠢᠴᠢᠭ᠎ᠤᠨ ᠠᠵᠢᠯᠲᠠᠨ ᠨᠡᠢ᠌ᠲᠡ 40 ᠬᠥᠮᠦᠨ ᠪᠣᠯᠪᠠᠰᠤᠷᠠᠯ᠎ᠳᠤ ᠣᠷᠣᠯᠴᠠᠵᠠᠶ᠃

ᠰᠤᠳᠤᠯᠤᠨ ᠰᠤᠷᠤᠯᠴᠠᠬᠤ ᠠᠩᠭᠢ᠎ᠨᠢ ᠲᠤᠰᠬᠠᠶ ᠰᠡᠳᠦᠪᠲᠦ ᠲᠠᠢ᠌ᠯᠤᠮᠵᠢ ᠬᠢᠬᠦ᠂ ᠲᠤᠬᠠᠶ ᠵᠢᠨ ᠲᠠᠯᠠᠪᠠᠶ᠎ᠳᠤ ᠵᠢᠭ᠋ᠠᠨ ᠰᠤᠷᠭ᠋ᠠᠬᠤ᠂ ᠰᠤᠳᠤᠯᠤᠨ ᠶᠠᠷᠢᠯᠴᠠᠵᠤ ᠬᠤᠪᠢᠶᠠᠯᠴᠠᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠬᠠᠶ ᠴᠢᠬᠤᠯᠠ ᠥᠭᠦᠯᠡᠯᠲᠡ᠂ ᠦᠭᠡ ᠬᠡᠯᠡ ᠥᠰᠥᠭ ᠪᠢᠴᠢᠭ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠷᠴᠢᠭᠤᠯᠭ᠎ᠠ ᠵᠢᠨ ᠠᠵᠢᠯ᠎ᠤᠨ ᠣᠨᠣᠯ ᠪᠠ ᠦᠢᠯᠡᠳᠦᠯᠭᠡ ᠵᠢ ᠤᠯᠠᠮ ᠴᠠᠭ᠋ᠠᠰᠢᠲᠠ ᠰᠤᠷᠤᠯᠴᠠᠵᠤ᠂ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠭᠰᠡᠨ ᠵᠶ᠋ᠡᠷ ᠪᠠᠷᠠᠬᠤ ᠥᠬᠡᠶ᠂ ᠪᠠᠰᠠ ᠦᠢᠯᠡᠳᠦᠯᠭᠡ ᠵᠢᠨ ᠠᠷᠭ᠎ᠠ ᠵᠠᠮ᠎ᠢ ᠰᠦᠪᠡᠭᠴᠢᠯᠡᠵᠡᠢ᠃
ᠲᠤᠬᠠᠶ ᠵᠢᠨ ᠲᠠᠯᠠᠪᠠᠶ ᠵᠢᠨ ᠵᠢᠭ᠋ᠠᠨ ᠰᠤᠷᠭ᠋ᠠᠯᠲᠠ᠎ᠳᠤ᠂ ᠪᠠᠶᠠᠨᠨᠠᠭᠤᠷ ᠬᠣᠲᠠ ᠵᠢᠨ ᠤᠯᠤᠰ᠎ᠠᠴᠠ ᠡᠷᠬᠢᠯᠡᠭᠰᠡᠨ ᠰᠢᠨᠬᠤᠸᠠ ᠣᠶ ᠰᠢᠭᠤᠶ ᠵᠢᠨ ᠲᠠᠯᠠᠪᠠᠶ᠂ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠮᠡᠳᠡᠭᠡ ᠵᠠᠩᠬᠢᠴᠢᠯᠠᠯᠲᠠ ᠵᠢᠨ ᠲᠥᠪ ᠵᠡᠷᠭᠡ ᠭᠠᠵᠠᠷ᠎ᠲᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ᠂ ᠶᠡᠷᠦᠩᠬᠡᠶ ᠱᠦᠵᠢ ᠰᠢ ᠵᠢᠨ ᠫᠢᠩ᠎ᠤᠨ ᠶᠠᠪᠤᠭᠰᠠᠨ ᠮᠥᠷ᠎ᠢ ᠳᠠᠭ᠋ᠠᠵᠤ ᠣᠶ ᠰᠢᠭᠤᠶ᠂ ᠤᠰᠤ᠂ ᠡᠯᠡᠰᠦ᠎ᠪᠠᠷ ᠲᠣᠭᠤᠷᠢᠵᠤ᠂ ᠶᠡᠷᠦᠩᠬᠡᠶ ᠱᠦᠵᠢ ᠰᠢ ᠵᠢᠨ ᠫᠢᠩ᠎ᠤᠨ ᠬᠠᠢ᠌ᠷ᠎ᠠ ᠬᠠᠯᠠᠮᠵᠢ ᠵᠢ ᠭᠦᠨᠵᠡᠭᠡᠶ ᠣᠢ᠌ᠯᠠᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠣᠢ᠌ᠯᠠᠭ᠋ᠠᠵᠤ᠂ ᠰᠤᠷᠤᠯᠭ᠋ᠠᠲᠠᠳ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠢ ᠰᠠᠢ᠌ᠲᠤᠷ ᠬᠢᠬᠦ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠋ᠠᠨ᠎ᠤ ᠤᠬᠠᠮᠰᠠᠷ᠎ᠢ ᠴᠢᠩᠭ᠋ᠠᠳᠬᠠᠪᠠ᠃ ᠰᠤᠳᠤᠯᠤᠨ ᠰᠤᠷᠤᠯᠴᠠᠬᠤ ᠬᠤᠭᠤᠴᠠᠭ᠋ᠠᠨ᠎ᠳᠤ᠂ ᠰᠤᠷᠤᠯᠭ᠋ᠠᠲᠠᠳ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ 《ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠬᠦ》᠂ 《ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠠᠵᠢᠯ᠎ᠢ ᠬᠡᠷᠬᠢᠨ ᠰᠠᠢ᠌ᠲᠤᠷ ᠬᠢᠬᠦ》 ᠭᠣᠤᠯ ᠰᠡᠳᠦᠪ᠎ᠤᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠵᠤ᠂ ᠰᠣᠷᠣᠭᠰᠠᠨ ᠠᠭᠤᠯᠭ᠎ᠠ ᠵᠢᠨ ᠲᠤᠬᠠᠶ ᠣᠢ᠌ᠯᠠᠭ᠋ᠠᠯᠲᠠ ᠪᠠ ᠡᠵᠡᠮᠰᠢᠯ ᠵᠶ᠋ᠡᠨ ᠭᠦᠨᠵᠡᠭᠡᠢ᠌ᠷᠡᠭᠦᠯᠪᠡ᠃
ᠲᠣᠰ ᠤᠳᠠᠭ᠋ᠠᠨ᠎ᠤ ᠰᠤᠳᠤᠯᠤᠨ ᠰᠤᠷᠤᠯᠴᠠᠬᠤ᠎ᠪᠠᠷ ᠠᠵᠠ ᠲᠣᠬᠢᠶᠠᠯ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠᠲᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ ᠰᠤᠳᠤᠯᠤᠨ ᠰᠤᠷᠤᠯᠴᠠᠭᠰᠠᠨ ᠦᠷ᠎ᠡ ᠪᠦᠲᠦᠭᠡᠯ᠎ᠢ ᠪᠣᠳᠠᠲᠠᠶ ᠠᠵᠢᠯ᠎ᠤᠨ ᠳᠤᠮᠳᠠ᠎ᠪᠠᠨ ᠲᠤᠭᠤᠰᠢᠯᠠᠭᠤᠯᠵᠤ᠂ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠳᠥᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠪᠠᠢ᠌ᠭᠤᠯᠬᠤ᠎ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠰᠤᠷᠤᠯᠭ᠋ᠠᠲᠠᠳ ᠰᠠᠨᠠᠯ ᠨᠢᠭᠡᠲᠡᠶ᠎ᠪᠠᠷ ᠢᠯᠡᠷᠬᠡᠢ᠌ᠯᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ