ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ 8 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ ᠪᠣᠯᠤᠨ ᠥᠪᠥᠷ ᠮᠣᠩᠭᠣᠯ᠎ᠤᠨ ᠰᠣᠶᠣᠯ ᠲᠠᠭᠤ ᠳᠦᠷᠰᠦ ᠰᠢᠩᠭᠡᠭᠡᠯᠲᠡ ᠵᠢᠨ ᠬᠡᠪᠯᠡᠯ᠎ᠤᠨ ᠬᠣᠷᠢᠶᠠᠨ᠎ᠤ ᠨᠠᠮ᠎ᠤᠨ ᠡᠭᠦᠷ ᠬᠠᠮᠲᠤᠷᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠲᠠᠢ ᠨᠢᠭᠲᠠ ᠤᠶᠠᠯᠳᠤᠭᠤᠯᠤᠨ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠠᠵᠢᠯ᠎ᠢ ᠰᠠᠶ᠋ᠢᠲᠤᠷ ᠬᠢᠬᠦ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠳᠤᠮᠳᠠ᠂ ᠨᠠᠮ᠎ᠤᠨ ᠭᠡᠰᠢᠭᠦᠨ ᠺᠠᠳ᠋ᠷᠴᠤᠳ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠠᠯᠪᠠᠨ ᠮᠡᠳᠡᠭᠡ》 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》 ᠵᠢᠴᠢ ᠶᠡᠷᠦᠩᠬᠡᠶ ᠱᠦᠵᠢ ᠰᠢ ᠵᠢᠨ ᠫᠢᠩ᠎ᠤᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠲᠤᠬᠠᠶ ᠲᠣᠳᠣᠷᠬᠠᠶ᠋ᠢᠯᠠᠯᠲᠠ ᠵᠡᠷᠭᠡ ᠠᠭᠤᠯᠭ᠎ᠠ ᠵᠢ ᠬᠠᠮᠲᠤ᠎ᠪᠠᠷ ᠰᠤᠷᠤᠯᠴᠠᠭᠰᠠᠨ ᠪᠥᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠤᠨ ᠲᠣᠭᠤᠷᠢᠨ᠎ᠳᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠠᠵᠢᠯ᠎ᠢ ᠰᠠᠶ᠋ᠢᠲᠤᠷ ᠬᠢᠵᠦ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
ᠤᠯᠠᠨ ᠵᠶ᠋ᠠᠷ ᠵᠶ᠋ᠠᠨ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ ᠰᠠᠶ᠋ᠢᠲᠤᠷ ᠤᠬᠠᠭᠤᠯᠵᠤ ᠰᠠᠢ᠌ᠳᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠪᠦᠬᠦ ᠨᠠᠮ ᠪᠦᠬᠦ ᠤᠯᠤᠰ᠎ᠤᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠮᠥᠨ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ᠎ᠤᠨ 《ᠲᠣᠭᠲᠠᠭ᠋ᠠᠯ》᠎ᠢ ᠲᠡᠷᠡ ᠬᠡᠪ ᠵᠶ᠋ᠠᠷ᠎ᠨᠢ ᠰᠤᠷᠤᠯᠴᠠᠬᠤ᠂ ᠪᠦᠬᠦ ᠲᠠᠯ᠎ᠠ᠎ᠪᠠᠷ ᠰᠢᠰᠲ᠋ᠧᠮ᠎ᠲᠠᠢ ᠰᠤᠷᠤᠯᠴᠠᠬᠤ᠂ ᠭᠦᠨᠵᠡᠭᠡᠢ ᠪᠣᠳᠣᠯᠬᠢᠯᠠᠨ ᠰᠤᠷᠤᠯᠴᠠᠬᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ᠎ᠪᠠᠷ ᠭᠣᠣᠯᠳᠠᠭᠤᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠋ᠠᠨ᠎ᠤ ᠪᠠᠶᠠᠯᠢᠭ ᠠᠭᠤᠯᠤᠭᠳᠠᠬᠤᠨ ᠪᠣᠯᠤᠨ ᠭᠣᠣᠯ ᠠᠭᠤᠯᠭ᠎ᠠ ᠵᠢ ᠴᠢᠷᠮᠠᠶ᠋ᠢᠨ ᠡᠵᠡᠮᠰᠢᠨ᠎ᠡ ᠭᠡᠵᠦ ᠢᠯᠡᠳᠬᠡᠵᠡᠭᠡᠪᠡ᠃ ᠶᠡᠷᠦᠩᠬᠡᠶ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠢᠵᠢᠮ ᠮᠥᠨ᠂ ᠮᠦᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠮᠥᠨ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠠᠵᠢᠯ᠎ᠤᠨ ᠪᠦᠬᠦ ᠶᠠᠪᠤᠴᠠ᠎ᠳᠤ ᠦᠨᠡᠨ ᠬᠦ᠌ ᠲᠤᠭᠤᠰᠢᠯᠠᠭᠤᠯᠵᠤ᠂ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠠᠵᠢᠯ ᠵᠶ᠋ᠡᠷ ᠭᠠᠷᠳᠠᠴᠠ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠮᠡᠳᠡᠷᠡᠬᠦᠢ ᠵᠢ ᠲᠠᠰᠤᠷᠠᠯᠲᠠ ᠦᠭᠡᠢ ᠨᠡᠮᠡᠭᠳᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ