2023 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ 6 ᠠᠬᠢᠭᠤᠯᠬᠤ ᠳᠦᠷᠢᠮ᠎ᠢ ᠵᠢᠩᠬᠢᠨᠢ᠎ᠪᠠᠷ ᠬᠡᠷᠡᠭᠵᠢᠭᠦᠯᠵᠦ᠂ ᠪᠥᠬᠥ ᠣᠷᠣᠨ᠎ᠤ ᠡᠯ᠎ᠡ ᠱᠠᠲᠤᠨ᠎ᠤ᠎ᠬᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠬᠠᠥᠯᠢ᠎ᠪᠠᠷ ᠵᠠᠰᠠᠬᠤ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠤᠨ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠦ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ 6 ᠠᠬᠢᠭᠤᠯᠬᠤ ᠳᠦᠷᠢᠮ᠎ᠤᠨ ᠰᠤᠷᠤᠯᠴᠠᠯᠭ᠎ᠠ ᠤᠬᠠᠭᠤᠯᠭ᠎ᠠ ᠵᠢᠨ ᠠᠵᠢᠯ᠎ᠢ ᠬᠦᠴᠦᠲᠡᠢ ᠪᠥᠭᠡᠳ ᠡᠮᠬᠢ ᠵᠢᠷᠤᠮ᠎ᠲᠠᠢ ᠰᠠᠢ᠌ᠲᠤᠷ ᠠᠳᠬᠤᠪᠠ᠃
《ᠰᠢᠰᠲᠸᠮᠵᠢᠭᠦᠯᠦᠨ》 ᠳᠡᠭᠡᠳᠦ ᠪᠠᠷᠢᠮᠵᠢᠶ᠎ᠠ᠎ᠪᠠᠷ ᠳᠠᠶ᠋ᠢᠴᠢᠯᠠᠪᠠ᠃ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠣᠣᠯ ᠬᠠᠷᠢᠭᠤᠴᠠᠯᠭ᠋ᠠᠲᠠᠨ ᠨᠥᠬᠥᠳ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠬᠣᠶᠠᠷ ᠱᠠᠲᠤᠨ᠎ᠤ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠦᠨᠳᠦᠰᠦᠲᠡᠨ᠎ᠤ ᠵᠦᠪᠯᠡᠯ᠎ᠤᠨ ᠰᠢᠰᠲ᠋ᠧᠮ᠎ᠤᠨ᠎ᠬᠢᠨ ᠬᠣᠶᠠᠷ ᠶᠡᠬᠡ ᠶᠠᠪᠤᠳᠠᠯ᠎ᠤᠨ ᠲᠤᠬᠠᠢ ᠲᠤᠰᠬᠠᠢ ᠬᠠᠤᠯᠢ ᠲᠣᠭᠲᠠᠭ᠋ᠠᠯ᠎ᠢ ᠰᠤᠷᠤᠯᠴᠠᠵᠤ ᠤᠬᠠᠭᠤᠯᠬᠤ ᠠᠵᠢᠯ᠎ᠢ ᠦᠷᠨᠢᠭᠦᠯᠬᠦ᠎ᠳᠤ ᠪᠠᠢ᠌ᠷᠢᠯᠠᠭᠤᠯᠤᠯᠲᠠ ᠲᠣᠬᠢᠷᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠵᠡᠷᠭᠡ 10 ᠰᠠᠯᠠᠭ᠎ᠠ ᠮᠥᠴᠢᠷ᠎ᠲᠠᠢ ᠬᠤᠯᠪᠤᠭ᠋ᠠᠯᠠᠵᠦ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ〉 ᠵᠡᠷᠭᠡ ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠰᠤᠷᠤᠯᠴᠠᠨ ᠤᠬᠠᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ᠎ᠳᠤ ᠬᠣᠶᠠᠷ ᠶᠡᠬᠡ ᠶᠠᠪᠤᠳᠠᠯ᠎ᠤᠨ ᠲᠤᠰᠬᠠᠢ ᠬᠠᠤᠯᠢ ᠲᠣᠭᠲᠠᠭ᠋ᠠᠯ᠎ᠤᠨ 《ᠵᠢᠷᠭᠤᠭ᠋ᠠᠨ ᠨᠢᠭᠡ》 ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠦᠷᠨᠢᠭᠦᠯᠪᠡ᠂ ᠲᠤᠬᠠᠢ᠌ᠯᠠᠪᠠᠯ ᠨᠢᠭᠡ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠨᠢᠭᠡ ᠤᠳᠠᠭ᠋ᠠᠨ᠎ᠤ 《ᠰᠦᠯᠵᠢᠶᠡᠨ ᠭᠠᠳᠠᠨᠠᠬᠢ》 ᠬᠥᠮᠦᠵᠢᠯ᠎ᠤᠨ ᠬᠢᠴᠢᠶᠡᠯ ᠣᠷᠣᠵᠤ᠂ ᠨᠢᠭᠡ ᠬᠤᠭᠤᠴᠠᠭ᠋ᠠᠨ᠎ᠤ 《ᠰᠦᠯᠵᠢᠶᠡᠨ ᠳᠡᠭᠡᠷᠡᠬᠢ》 ᠲᠤᠰᠬᠠᠢ ᠰᠡᠳᠦᠪ ᠬᠠᠷᠢᠭᠤᠯᠬᠤ ᠠᠵᠢᠯᠯᠠᠭ᠎ᠠ ᠵᠢ ᠡᠷᠬᠢᠯᠡᠵᠦ᠂ ᠨᠢᠭᠡ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠵᠦ᠂ ᠨᠢᠭᠡ ᠢᠵᠢ ᠬᠠᠥᠯᠢ᠎ᠪᠠᠷ ᠵᠠᠰᠠᠬᠤ ᠰᠢᠷᠢᠰ ᠨᠣᠮ ᠪᠢᠴᠢᠭ ᠲᠠᠷᠬᠠᠭ᠋ᠠᠵᠤ᠂ ᠠᠯᠢ ᠣᠯᠠᠨ ᠤᠬᠠᠭᠤᠯᠭ᠎ᠠ ᠵᠢᠨ ᠤᠷᠢᠶ᠎ᠠ ᠯᠣᠽᠦ᠋ᠩᠢ ᠨᠡᠪᠲᠡᠷᠡᠭᠦᠯᠪᠡ᠃ ᠡᠨᠡ ᠬᠦ᠌ ᠬᠤᠭᠤᠴᠠᠭ᠋ᠠᠨ᠎ᠳᠤ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ 4799 ᠲᠠᠯᠠᠪᠤᠷ (ᠤᠳᠠᠭ᠎ᠠ) ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠵᠢᠨ ᠮᠠᠲ᠋ᠧᠷᠢᠶᠠᠯ᠎ᠢ 62 ᠲᠦᠮᠡ ᠭᠠᠷᠤᠢ ᠬᠤᠪᠢ ᠲᠠᠷᠬᠠᠭ᠋ᠠᠵᠤ᠂ ᠬᠠᠮᠢᠶ᠎ᠠ ᠪᠦᠬᠦᠢ ᠤᠬᠠᠭᠤᠯᠭ᠎ᠠ ᠮᠡᠳᠡᠭᠡᠯᠡᠯ᠂ ᠰᠢᠨ᠎ᠡ ᠵᠠᠭᠤᠴᠢᠯᠠᠭᠤᠷ᠎ᠤᠨ ᠲᠠᠭᠤ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ 4179 ᠵᠤᠷᠪᠤᠰ ᠨᠡᠪᠲᠡᠷᠡᠭᠦᠯᠵᠦ᠂ ᠦᠨᠳᠦᠰᠦᠲᠡᠨ᠎ᠨᠦᠭᠦᠳ᠎ᠤᠨ 180 ᠲᠦᠮᠡᠨ ᠺᠠᠳ᠋ᠷ ᠣᠯᠠᠨ ᠲᠦᠮᠡᠨ᠎ᠢ ᠬᠠᠮᠤᠷᠪᠠ᠃
《ᠲᠥᠷᠥᠯ ᠲᠡᠮᠳᠡᠭᠵᠢᠭᠦᠯᠦᠨ》 ᠥᠨᠳᠥᠷ ᠪᠦᠲᠦᠮᠵᠢᠲᠡᠶ᠎ᠪᠠᠷ ᠬᠠᠮᠲᠤᠷᠠᠯᠴᠠᠨ ᠬᠦᠳᠡᠯᠦᠯᠴᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠰᠤᠷᠭ᠋ᠠᠨ ᠬᠥᠮᠦᠵᠢᠯ᠎ᠤᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠎ᠲᠠᠢ ᠬᠠᠮᠲᠤᠷᠠᠨ ᠪᠦᠬᠦ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠤᠨ ᠲᠥᠰᠥᠯ᠎ᠢ ᠲᠣᠭᠲᠠᠭ᠋ᠠᠨ ᠲᠠᠷᠬᠠᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ᠂ ᠡᠯ᠎ᠡ ᠦᠨᠳᠦᠰᠦᠲᠡᠨ᠎ᠤ ᠣᠯᠠᠨ ᠲᠦᠮᠡᠨ᠎ᠤ ᠦᠵᠡᠵᠦ ᠰᠣᠨᠣᠰᠬᠤ ᠳᠤᠷᠠᠲᠠᠢ ᠬᠡᠯᠪᠡᠷᠢ᠎ᠪᠠᠷ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ 6 ᠢᠵᠢ ᠠᠬᠢᠭᠤᠯᠬᠤ ᠳᠦᠷᠢᠮ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠵᠤ ᠤᠬᠠᠭᠤᠯᠬᠤ ᠠᠵᠢᠯᠯᠠᠭ᠎ᠠ ᠵᠢ ᠠᠯᠪᠠᠨ ᠪᠠᠢ᠌ᠭᠤᠯᠭ᠎ᠠ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠰᠤᠮᠤ ᠰᠢᠶᠠᠩ ᠪᠠᠯᠭ᠋ᠠᠰᠤ᠂ ᠰᠤᠷᠭ᠋ᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ᠂ ᠰᠦᠯᠵᠢᠶ᠎ᠡ ᠵᠡᠷᠭᠡ ᠡᠯ᠎ᠡ ᠴᠠᠷᠠᠭ᠎ᠠ ᠬᠦᠷᠢᠶ᠎ᠡ᠎ᠳᠤ ᠥᠷᠨᠢᠭᠦᠯᠵᠦ᠂ ᠴᠡᠭ ᠵᠶ᠋ᠡᠷ ᠨᠡᠢ᠌ᠳᠡᠮ᠎ᠢ ᠲᠠᠢ᠌ᠴᠢᠯᠠᠵᠦ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠪᠠᠢ᠌ᠩᠭᠤᠵᠢᠭᠰᠠᠨ ᠤᠬᠠᠭᠤᠯᠭ᠎ᠠ ᠵᠢᠨ ᠪᠠᠢ᠌ᠷᠢᠰᠢᠯ᠎ᠢ ᠪᠣᠶ ᠪᠣᠯᠭ᠋ᠠᠪᠠ᠃ 2024 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠬᠤᠭᠤᠴᠠᠭ᠋ᠠᠨ᠎ᠳᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠡᠯ᠎ᠡ ᠲᠥᠷᠥᠯ᠎ᠤᠨ ᠠᠵᠢᠯᠯᠠᠭ᠎ᠠ ᠵᠢ 3.5 ᠲᠦᠮᠡᠨ ᠲᠠᠯᠠᠪᠤᠷ (ᠤᠳᠠᠭ᠎ᠠ) ᠡᠷᠭᠢᠯᠡᠵᠦ᠂ 3000 ᠲᠦᠮᠡᠨ ᠬᠥᠮᠥᠨ ᠤᠳᠠᠭ᠎ᠠ ᠣᠷᠤᠯᠴᠠᠵᠤ᠂ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ ᠬᠠᠮᠢᠶ᠎ᠠ ᠪᠦᠬᠦᠢ ᠤᠬᠠᠭᠤᠯᠭ᠎ᠠ ᠵᠢᠨ ᠠᠭᠤᠯᠭ᠎ᠠ ᠵᠢ 12 ᠲᠦᠮᠡ ᠭᠠᠷᠤᠢ ᠵᠤᠷᠪᠤᠰ ᠨᠡᠪᠲᠡᠷᠡᠭᠦᠯᠵᠦ᠂ ᠦᠵᠡᠭᠰᠡᠨ ᠲᠤᠭ᠎ᠠ᠎ᠨᠢ 4 ᠳ᠋ᠦᠩᠰᠢᠭᠤᠷ ᠤᠳᠠᠭ᠎ᠠ ᠵᠢ ᠲᠠᠪᠠᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢ᠌ᠨ ᠪᠡᠶᠡᠯᠡᠭᠦᠯᠬᠦ᠎ᠳᠤ ᠰᠠᠢ᠌ᠨ ᠰᠠᠢ᠌ᠬᠠᠨ ᠬᠠᠥᠯᠢ᠎ᠪᠠᠷ ᠵᠠᠰᠠᠬᠤ ᠣᠷᠴᠢᠨ ᠨᠥᠭᠦᠴᠡᠯ᠎ᠢ ᠪᠣᠶ ᠪᠣᠯᠭ᠋ᠠᠪᠠ᠃
《ᠲᠣᠣᠷᠵᠢᠭᠤᠯᠤᠨ》 ᠴᠢᠨᠠᠷ ᠰᠠᠢ᠌ᠲᠠᠢ ᠠᠬᠢᠭᠤᠯᠪᠠ᠃ ᠪᠠᠢ᠌ᠭᠤᠯᠭ᠎ᠠ ᠵᠢᠨ ᠰᠦᠯᠵᠢᠶᠡᠨ ᠦᠷᠳᠡᠭᠡ᠎ᠳᠤ ᠦᠨᠳᠦᠰᠦᠲᠡᠨ᠎ᠤ ᠬᠠᠤᠯᠢ᠎ᠪᠠᠷ ᠵᠠᠰᠠᠬᠤ ᠲᠤᠰᠬᠠᠢ ᠪᠤᠯᠤᠩ᠎ᠢ ᠭᠠᠷᠭ᠋ᠠᠵᠤ᠂ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ 9 ᠬᠤᠪᠢ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ 57 ᠬᠤᠪᠢ ᠬᠢᠵᠦ᠂ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ 70 ᠵᠢᠱ᠌ᠢᠶ᠎ᠡ᠂ ᠬᠠᠮᠤᠭ᠎ᠤᠨ ᠰᠢᠨ᠎ᠡ ᠮᠡᠳᠡᠭᠡᠯᠡᠯ 223 ᠬᠤᠪᠢ ᠮᠡᠳᠡᠭᠡᠯᠡᠵᠦ᠂ 6 ᠢᠵᠢ ᠠᠬᠢᠭᠤᠯᠬᠤ ᠳᠦᠷᠢᠮ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠤᠨ ᠲᠦᠭᠡᠮᠡᠯᠵᠢᠭᠦᠯᠬᠦ ᠵᠢ ᠭᠦᠨᠵᠡᠭᠡᠢ᠌ᠷᠡᠬᠦᠯᠵᠦ᠂ ᠬᠠᠤᠯᠢ ᠵᠢ ᠬᠦᠨᠳᠦᠳᠭᠡᠬᠦ ᠬᠠᠤᠯᠢ ᠵᠢ ᠰᠤᠷᠤᠯᠴᠠᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠭᠦᠨ ᠵᠤᠵᠠᠭ᠋ᠠᠨ ᠣᠷᠴᠢᠨ ᠨᠥᠭᠥᠴᠡᠯ᠎ᠢ ᠢᠳᠡᠪᠬᠢᠲᠡᠢ᠎ᠪᠠᠷ ᠪᠣᠶ ᠪᠣᠯᠭ᠋ᠠᠪᠠ᠃ ᠪᠠᠢ᠌ᠭᠤᠯᠭ᠎ᠠ ᠵᠢᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠲᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠭᠠᠷᠠᠭ ᠪᠦᠷᠢ ᠨᠢᠭᠡ ᠰᠤᠷᠤᠯᠴᠠᠬᠤ᠂ ᠰᠠᠷ᠎ᠠ ᠪᠦᠷᠢ ᠨᠢᠭᠡ ᠭᠣᠣᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠲᠤᠰᠬᠠᠢ ᠪᠤᠯᠤᠩ ᠭᠠᠷᠭ᠋ᠠᠵᠤ᠂ 6 ᠢᠵᠢ ᠠᠬᠢᠭᠤᠯᠬᠤ ᠳᠦᠷᠢᠮ᠎ᠤᠨ ᠪᠥᠬᠥ ᠠᠭᠤᠯᠭ᠎ᠠ ᠵᠢᠴᠢ ᠣᠷᠳᠣ ᠵᠢᠷᠤᠭ᠎ᠤᠨ ᠲᠠᠢ᠌ᠯᠦᠮᠵᠢ ᠵᠡᠷᠭᠡ ᠵᠢ 16 ᠬᠤᠪᠢ ᠦᠢ᠍ᠯᠡᠳᠴᠦ ᠨᠡᠢ᠌ᠲᠡᠯᠡᠪᠡ᠃ 6 ᠢᠵᠢ ᠠᠬᠢᠭᠤᠯᠬᠤ ᠳᠦᠷᠢᠮ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ᠎ᠪᠠᠷ ᠭᠣᠣᠯ ᠠᠭᠤᠯᠭ᠎ᠠ ᠪᠣᠯᠭ᠋ᠠᠵᠤ᠂ 《ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠰᠦᠯᠵᠢᠶᠡᠨ ᠳᠡᠭᠡᠷᠡᠬᠢ ᠱᠠᠩᠨᠠᠯᠲᠤ ᠥᠷᠢᠰᠦᠯᠳᠦᠨ ᠬᠠᠷᠢᠭᠤᠯᠬᠤ》 ᠠᠵᠢᠯᠯᠠᠭ᠎ᠠ ᠵᠢ ᠡᠷᠭᠢᠯᠡᠵᠦ᠂ 80.2 ᠲᠦᠮᠡᠨ ᠬᠥᠮᠥᠨ ᠤᠳᠠᠭ᠎ᠠ ᠰᠡᠳᠦᠪ ᠬᠠᠷᠢᠭᠤᠯᠵᠤ᠂ ᠦᠵᠡᠭᠰᠡᠨ ᠬᠡᠮᠵᠢᠶ᠎ᠡ 130 ᠲᠦᠮᠡᠨ ᠬᠥᠮᠥᠨ ᠤᠳᠠᠭ᠎ᠠ᠎ᠳᠤ ᠬᠦᠷᠴᠡᠢ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠤᠨ ᠬᠠᠤᠯᠢ ᠲᠣᠭᠲᠠᠭ᠋ᠠᠯ᠎ᠤᠨ ᠲᠤᠰᠬᠠᠢ ᠰᠡᠳᠦᠪᠲᠦ ᠲᠠᠢ᠌ᠯᠤᠮᠵᠢ ᠵᠢ ᠡᠷᠭᠢᠯᠡᠵᠦ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠦᠨᠳᠦᠰᠦᠲᠡᠨ᠎ᠤ ᠵᠥᠪᠯᠡᠯ ᠪᠠ ᠦᠨᠳᠦᠰᠦᠲᠡᠨ᠎ᠤ ᠵᠥᠪᠯᠡᠯ᠎ᠤᠨ ᠭᠡᠰᠢᠭᠦᠨ ᠨᠢᠭᠡᠴᠢ ᠵᠢᠨ 1000 ᠭᠠᠷᠤᠢ ᠨᠠᠮ᠎ᠤᠨ ᠭᠡᠰᠢᠭᠦᠨ ᠺᠠᠳ᠋ᠷ᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠣᠯᠪᠤᠭ᠋ᠠᠯᠠᠨ ᠬᠦᠳᠡᠯᠦᠯᠴᠡᠭᠦᠯᠵᠦ ᠪᠣᠯᠪᠠᠰᠤᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠲᠠᠢ ᠬᠠᠮᠲᠤᠷᠠᠨ ᠰᠦᠯᠵᠢᠶᠡᠨ ᠳᠡᠭᠡᠷᠡᠬᠢ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠬᠢᠴᠢᠶᠡᠯ᠎ᠤᠨ ᠲᠠᠩᠬᠢᠮ᠎ᠤᠨ ᠫᠷᠣᠭ᠌ᠷᠠᠮ 《ᠨᠠᠢ᠍ᠮᠠᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠯᠸᠺᠲ᠋ᠤᠷ ᠦᠨᠳᠦᠰᠦᠨ ᠬᠠᠤᠯᠢ ᠵᠢᠨ ᠲᠤᠬᠠᠢ ᠶᠠᠷᠢᠭᠰᠠᠨ᠎ᠨᠢ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠶ᠎ᠠ》 ᠭᠡᠬᠦ ᠲᠤᠰᠬᠠᠢ ᠰᠡᠳᠦᠪᠲᠦ ᠸᠢᠳᠢᠤ᠋ ᠲᠠᠢ᠌ᠯᠤᠮᠵᠢ᠎ᠪᠠᠷ 6 ᠢᠵᠢ ᠠᠬᠢᠭᠤᠯᠬᠤ ᠳᠦᠷᠢᠮ᠎ᠤᠨ ᠭᠣᠣᠯ ᠠᠭᠤᠯᠭ᠎ᠠ ᠵᠢ ᠲᠠᠢ᠌ᠯᠪᠤᠷᠢᠯᠠᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠳᠤ ᠬᠠᠤᠯᠢ ᠲᠣᠭᠲᠠᠭ᠋ᠠᠯ᠎ᠤᠨ ᠠᠭᠤᠯᠭ᠎ᠠ ᠵᠢ ᠴᠠᠭ ᠲᠤᠬᠠᠢᠳᠤᠨᠢ ᠣᠨᠣᠪᠴᠢᠲᠠᠶ ᠡᠵᠡᠮᠰᠢᠭᠦᠯᠵᠦ᠂ ᠪᠥᠬᠥ ᠣᠷᠣᠨ᠎ᠤ ᠡᠯ᠎ᠡ ᠱᠠᠲᠤᠨ᠎ᠤ᠎ᠬᠢᠨ 《ᠨᠢᠭᠡ ᠲᠥᠰᠥᠪ ᠵᠶ᠋ᠡᠷ ᠲᠣᠢ᠌ᠯᠪᠤᠷᠢᠲᠠᠢ ᠵᠢᠷᠤᠭᠯᠠᠬᠤ》 ᠢᠲᠡᠭᠡᠯ ᠵᠣᠷᠢᠭ ᠪᠠ ᠡᠷᠴᠢ ᠵᠣᠷᠢᠭ᠎ᠢ ᠤᠯᠠᠮ ᠨᠢᠭᠡ ᠠᠯᠬᠤᠮ ᠬᠥᠭᠵᠢᠭᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ