ᠲᠡᠷᠢᠭᠦᠨ ᠬᠠᠭᠤᠳᠠᠰᠤ   -   ᠦᠨᠳᠦᠰᠦᠲᠡᠨ᠎ᠤ ᠪᠦᠯᠬᠦᠮᠳᠡᠯ
ᠤᠷᠳᠤᠰ ᠬᠤᠳᠠ ᠵᠢᠨ ᠦᠦᠰᠢᠨ ᠬᠣᠰᠢᠭᠤ᠄ 《ᠮᠠᠯᠵᠢᠬᠤ ᠳ᠋ᠠᠵᠠᠢ》 ᠵᠢᠨ ᠮᠦᠽᠧᠢ᠎ᠠᠴᠠ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠵᠢ ᠡᠷᠢᠯᠬᠢᠯᠡᠪᠡ
ᠨᠡᠶ᠋ᠢᠲᠡᠯᠡᠭᠰᠡᠨ ᠴᠠᠭ᠄ 2025-01-17

      ᠦᠦᠰᠢᠨ ᠬᠣᠰᠢᠭᠤᠨ᠎ᠤ ᠮᠠᠯᠵᠢᠬᠤ ᠳ᠋ᠠᠵᠠᠢ ᠵᠢᠨ ᠮᠦᠽᠧᠢ᠎ᠳᠤ 300 ᠭᠠᠷᠤᠢ ᠦᠵᠡᠭᠦᠯᠭᠡ ᠵᠢᠨ ᠪᠣᠳᠠᠰ ᠪᠣᠯᠤᠨ ᠲᠠᠪᠢᠭ᠋ᠠᠳ ᠣᠨ᠎ᠠᠴᠠ ᠨᠠᠶᠠᠭ᠋ᠠᠳ ᠣᠨ ᠪᠤᠯᠲᠠᠯᠠᠬᠢ ᠦᠦᠰᠢᠨ ᠵᠤᠤ ᠵᠢᠨ ᠪᠦᠷᠢᠨ ᠪᠦᠲᠦᠨ ᠲᠡᠦᠬᠡ ᠵᠢᠨ ᠮᠠᠲ᠋ᠧᠷᠢᠶᠠᠯ᠎ᠢ ᠬᠠᠳᠠᠭ᠋ᠠᠯᠠᠵᠤ ᠪᠣᠢ ᠲᠤᠯᠠ᠂ ᠪᠤᠷᠤᠯᠳᠠᠢ ᠨᠥᠬᠥᠷ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠡᠯᠡᠰᠦ ᠵᠢ ᠵᠠᠰᠠᠵᠤ᠂ ᠲᠠᠯ᠎ᠠ ᠨᠤᠲᠤᠭ᠎ᠢ ᠪᠦᠳᠦᠭᠡᠨ ᠪᠠᠶ᠋ᠢᠭᠤᠯᠵᠤ᠂ ᠨᠤᠲᠤᠭ ᠣᠷᠣᠨ ᠵᠶ᠋ᠠᠨ ᠨᠣᠭᠣᠭ᠋ᠠᠷᠠᠭᠤᠯᠤᠭᠰᠠᠨ ᠪᠠᠶ᠋ᠢᠳᠠᠯ᠎ᠢ ᠰᠢᠰᠲ᠋ᠧᠮ᠎ᠲᠠᠢ᠎ᠪᠠᠷ ᠲᠡᠯᠭᠡᠨ ᠦᠵᠡᠭᠦᠯᠵᠠᠢ᠃ ᠮᠦᠽᠧᠢ ᠳᠣᠲᠣᠷᠠᠬᠢ ᠲᠡᠦᠬᠡ ᠵᠢᠨ ᠳᠤᠷᠠᠰᠬᠠᠯᠲᠤ ᠵᠦᠢ᠍ᠯᠡᠰ᠂ ᠬᠡᠷᠡᠯ ᠵᠢᠷᠤᠭ᠎ᠤᠳ᠎ᠨᠢ 60 ᠭᠠᠷᠤᠢ ᠵᠢᠯ᠎ᠤᠨ ᠲᠤᠷᠰᠢᠬᠢ 《ᠡᠯᠡᠰᠦ ᠵᠢ ᠵᠠᠰᠠᠵᠤ᠂ ᠲᠠᠯ᠎ᠠ ᠨᠤᠲᠤᠭ᠎ᠢ ᠪᠦᠳᠦᠭᠡᠨ ᠪᠠᠢ᠌ᠭᠤᠯᠤᠭᠰᠠᠨ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ ᠰᠢᠷᠭ᠋ᠠᠭᠤ ᠬᠠᠲᠠᠭᠤᠵᠢᠯᠲᠠᠢ ᠲᠡᠮᠡᠴᠡᠭᠰᠡᠨ》 ᠮᠠᠯᠵᠢᠬᠤ ᠳ᠋ᠠᠵᠠᠢ ᠵᠢᠨ ᠵᠣᠷᠢᠭ ᠰᠠᠨᠠᠭ᠎ᠠ ᠪᠣᠯᠤᠨ ᠦᠦᠰᠢᠨ᠎ᠤ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠦᠶ᠎ᠡ ᠵᠠᠯᠭ᠋ᠠᠨ ᠡᠯᠡᠰᠦ ᠵᠢ ᠵᠠᠰᠠᠬᠤ ᠵᠢ ᠪᠠᠷᠢᠮᠲᠠᠯᠠᠵᠤ᠂ ᠠᠤᠭ᠎ᠠ ᠲᠥᠰᠦᠪ᠎ᠢ ᠲᠤᠭᠤᠰᠢᠲᠠᠢ ᠵᠢᠷᠤᠭᠯᠠᠵᠤ᠂ ᠮᠤᠤᠠᠤᠰᠤ ᠵᠢᠨ ᠡᠯᠡᠰᠦ ᠵᠢ ᠵᠠᠰᠠᠭᠰᠠᠨ ᠨᠤᠮᠢᠨ ᠨᠣᠭᠣᠭ᠋ᠠᠨ ᠳᠤᠮᠤᠭ ᠪᠣᠯᠤᠨ ᠦᠨᠳᠦᠰᠦᠲᠡᠨ᠎ᠨᠦᠭᠦᠳ ᠠᠬ᠎ᠠ ᠳᠡᠭᠦᠦ ᠮᠡᠲᠦ ᠳᠣᠲᠣᠨᠣᠰᠣᠭ ᠵᠶ᠋ᠠᠷ ᠭᠡᠷ ᠣᠷᠣᠨ ᠵᠶ᠋ᠠᠨ ᠬᠠᠮᠲᠤ᠎ᠪᠠᠷ ᠪᠦᠳᠦᠭᠡᠨ ᠪᠠᠶ᠋ᠢᠭᠤᠯᠤᠭᠰᠠᠨ ᠵᠣᠷᠢᠭ ᠰᠠᠨᠠᠭ᠋ᠠᠨ᠎ᠤ ᠬᠡᠪ ᠴᠢᠨᠠᠷ᠎ᠢ ᠪᠢᠴᠢᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠭᠦᠨᠵᠡᠭᠡᠢ ᠦᠢ᠍ᠯᠡᠳᠦᠯᠭᠡᠵᠢᠭᠦᠯᠬᠦ ᠲᠠᠯ᠎ᠠ᠎ᠪᠠᠷ 《ᠨᠤᠮᠢᠨ ᠨᠤᠭᠤᠭ᠋ᠠᠨ ᠦᠦᠰᠢᠨ》᠎ᠤ ᠭᠠᠪᠢᠶ᠎ᠠ ᠵᠢᠳᠬᠦᠯ᠎ᠢ ᠴᠣᠭᠴᠠᠯᠠᠪᠠ᠃
      ᠦᠵᠡᠭᠦᠯᠭᠡ ᠵᠢᠨ ᠪᠣᠳᠠᠰ᠎ᠢ 《ᠠᠮᠢᠵᠢᠷᠠᠭᠤᠯᠵᠠᠢ》
      ᠬᠡᠷᠪᠡ ᠮᠠᠯᠵᠢᠬᠤ ᠳ᠋ᠠᠵᠠᠶ ᠵᠢᠨ ᠮᠦᠽᠧᠶ᠎ᠳᠤ ᠳᠡᠯᠭᠡᠨ ᠦᠵᠡᠭᠦᠯᠦᠭᠰᠡᠨ  ᠵᠦᠢ᠍ᠯᠡᠰ᠎ᠨᠢ 《ᠦᠭᠡ  ᠶᠠᠷᠢᠳᠠᠭ》 ᠶᠤᠮ ᠪᠣᠯ᠂ ᠲᠠᠳᠠ ᠲᠠᠪᠤᠨ ᠵᠠᠭᠤᠨ ᠲᠦᠮᠡᠨ ᠮᠥ᠍ ᠮᠤᠤᠠᠤᠰᠤ ᠨᠣᠭᠣᠭ᠋ᠠᠨ ᠥᠩᠭᠡ ᠵᠢ ᠨᠥᠮᠥᠷᠴᠦ᠂ ᠡᠯᠡᠰᠦᠨ ᠴᠦᠯ ᠰᠢᠨ᠎ᠡ ᠳᠦᠷᠢ᠎ᠲᠠᠢ ᠪᠤᠯᠤᠬᠰᠠᠨ 《ᠲᠣᠮᠣ ᠥᠯᠢᠭᠡᠷ》᠎ᠢ ᠶᠠᠷᠢᠬᠤ᠎ᠨᠢ ᠯᠠᠪᠲᠠᠢ᠃ ᠳᠡᠭᠡᠷ᠎ᠡ ᠵᠠᠭᠤᠨ᠎ᠤ ᠲᠠᠪᠢᠭ᠋ᠠᠳ ᠣᠨ᠎ᠤ ᠡᠬᠢ᠎ᠪᠠᠷ ᠮᠤᠤᠠᠤᠰᠤ ᠵᠢᠨ ᠡᠯᠡᠰᠦᠨ᠎ᠳᠤ ᠪᠠᠶ᠋ᠢᠷᠢᠯᠠᠵᠤ ᠪᠠᠶ᠋ᠢᠭ᠎ᠠ ᠦᠦᠰᠢᠨ ᠵᠤᠤ ᠵᠢᠨ ᠪᠠᠶ᠋ᠢᠭ᠋ᠠᠯᠢ ᠵᠢᠨ ᠨᠥᠬᠥᠴᠡᠯ ᠲᠤᠶ᠋ᠢᠯ᠎ᠤᠨ ᠮᠠᠭᠤ ᠪᠠᠢ᠌ᠵᠠᠢ᠂ ᠨᠡᠯᠦᠭᠡᠷ ᠰᠢᠷ᠎ᠠ ᠡᠯᠡᠰᠦ᠎ᠨᠢ ᠰᠠᠯᠬᠢ᠎ᠲᠠᠭᠠᠨ ᠰᠢᠯᠵᠢᠳᠡᠭ ᠬᠠᠲᠠᠭᠤ ᠰᠢᠷᠦᠭᠦᠨ ᠪᠣᠳᠠᠲᠤ ᠪᠠᠶ᠋ᠢᠳᠠᠯ᠎ᠤᠨ ᠡᠮᠦᠨ᠎ᠡ᠂ ᠨᠢᠭᠡᠨ ᠦᠶ᠎ᠡ ᠵᠢᠨ ᠡᠯᠡᠰᠦ ᠵᠢ ᠵᠠᠰᠠᠭᠰᠠᠨ ᠡᠮᠡᠭᠲᠡᠶ ᠪᠠᠭ᠋ᠠᠲᠤᠷ ᠪᠣᠷᠣᠯᠲᠠᠶ ᠵᠡᠷᠭᠡ᠎ᠪᠠᠷ ᠲᠥᠯᠥᠭᠡᠯᠡᠭᠦᠯᠦᠭᠰᠡᠨ ᠦᠦᠰᠢᠨ ᠵᠤᠤ ᠵᠢᠨ ᠡᠯ᠎ᠡ ᠦᠨᠳᠦᠰᠦᠲᠡᠨ᠎ᠤ ᠺᠠᠳ᠋ᠷ ᠤᠯᠠᠨ ᠲᠦᠮᠡᠨ ᠨᠠᠮ᠎ᠤᠨ ᠤᠳᠤᠷᠢᠳᠤᠯᠭ᠎ᠠ ᠳᠣᠣᠷ᠎ᠠ ᠵᠠᠮ ᠨᠡᠭᠡᠭᠡᠵᠦ ᠡᠯᠡᠰᠦ ᠵᠢ ᠨᠤᠭᠤᠷᠠᠭᠤᠯᠬᠤ᠎ᠪᠠᠷ ᠡᠪᠡᠰᠦ ᠮᠣᠳᠣ ᠲᠠᠷᠢᠬᠤ᠂ ᠡᠪᠡᠰᠦᠨ ᠬᠦᠷᠢᠶ᠎ᠡ ᠪᠠᠶ᠋ᠢᠭᠤᠯᠬᠤ ᠵᠡᠷᠭᠡ ᠠᠷᠭ᠎ᠠ ᠬᠡᠯᠪᠡᠷᠢ᠎ᠪᠠᠷ ᠡᠯᠡᠰᠦ ᠵᠢ ᠵᠠᠰᠠᠵᠤ᠂ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠢ ᠬᠥᠭᠵᠢᠭᠦᠯᠵᠦ᠂ ᠮᠠᠯᠵᠢᠬᠤ ᠣᠷᠣᠨ᠎ᠤ ᠬᠣᠴᠣᠷᠤᠩᠭᠤᠶ ᠳᠦᠷᠰᠦ ᠪᠠᠶ᠋ᠢᠳᠠᠯ᠎ᠢ ᠠᠯᠬᠤᠮ ᠠᠯᠬᠤᠮ ᠵᠶ᠋ᠠᠷ ᠬᠤᠪᠢᠷᠠᠭᠤᠯᠵᠤ᠂ ᠨᠡᠯᠦᠭᠡᠷ ᠶᠡᠬᠡ ᠲᠠᠩᠭᠢᠰ ᠮᠡᠲᠦ ᠮᠤᠤᠠᠤᠰᠤ ᠵᠢᠨ ᠡᠯᠡᠰᠦᠨ᠎ᠳᠤ ᠨᠣᠭᠣᠭ᠋ᠠᠨ ᠬᠤᠪᠢᠰᠬᠠᠯ᠎ᠢ ᠥᠷᠨᠢᠭᠦᠯᠪᠡ᠃1965 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠣᠭᠲᠠᠭ᠋ᠠᠯ ᠭᠠᠷᠭ᠋ᠠᠵᠤ᠂ ᠦᠦᠰᠢᠨ ᠵᠤᠤ ᠵᠢ ᠳ᠋ᠠᠵᠠᠶ᠎ᠠᠴᠠ ᠰᠤᠷᠤᠯᠴᠠᠭᠰᠠᠨ ᠨᠡᠶ᠋ᠢᠲᠡᠯᠢᠭ ᠵᠢᠱ᠌ᠢᠶ᠎ᠡ — 《ᠮᠠᠯᠵᠢᠬᠤ ᠳ᠋ᠠᠵᠠᠶ》 ᠭᠡᠵᠦ ᠨᠡᠷᠡᠶ᠋ᠢᠳᠪᠡ᠃ ᠳᠡᠭᠡᠷ᠎ᠡ ᠵᠠᠭᠤᠨ᠎ᠤ ᠲᠠᠪᠢ ᠵᠢᠷᠠᠭ᠋ᠠᠳ ᠣᠨ᠎ᠠᠴᠠ ᠡᠬᠢᠯᠡᠨ᠂ ᠦᠶ᠎ᠡ ᠦᠶ᠎ᠡ ᠵᠢᠨ ᠦᠦᠰᠢᠨ᠎ᠤ ᠬᠥᠪᠡᠭᠦᠳ ᠥᠬᠢᠳ ᠭᠡᠷ ᠣᠷᠣᠨ ᠵᠶ᠋ᠠᠨ ᠪᠠᠲᠤ ᠰᠠᠬᠢᠵᠤ᠂ ᠪᠤᠤᠬᠢᠶ᠎ᠠ ᠳᠠᠮᠵᠢᠭᠤᠯᠤᠨ ᠡᠯᠡᠰᠦ ᠵᠢ ᠵᠠᠰᠠᠵᠤ᠂ ᠪᠦᠬᠦ ᠤᠯᠤᠰ᠎ᠲᠤ ᠠᠯᠳᠠᠷᠰᠢᠭᠰᠠᠨ 《ᠮᠠᠯᠵᠢᠬᠤ ᠳ᠋ᠠᠵᠠᠢ》 ᠵᠢᠨ ᠵᠣᠷᠢᠭ ᠰᠠᠨᠠᠭ᠎ᠠ ᠵᠢ ᠪᠤᠢ  ᠪᠤᠯᠭ᠋ᠠᠵᠦ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠭᠡᠷᠡᠯ ᠰᠠᠴᠤᠷᠠᠩᠭᠤᠢ ᠲᠡᠥᠬᠡᠨ ᠶᠠᠪᠤᠴᠠ ᠵᠢ  ᠪᠦᠷᠢᠯᠳᠦᠭᠦᠯᠵᠠᠢ᠃
      ᠮᠦᠽᠧᠶ ᠵᠢ 《ᠬᠠᠯᠠᠮᠰᠢᠭᠤᠯᠵᠠᠢ》
      《ᠡᠨᠡ ᠪᠣᠯ ᠢᠷᠡᠭᠰᠡᠭᠡᠷ ᠲᠠᠬᠢᠭ᠋ᠠᠳ ᠪᠠᠰᠠ ᠢᠷᠡᠶ᠎ᠡ ᠭᠡᠵᠦ ᠪᠤᠳᠤᠬᠤ ᠭᠠᠵᠠᠷ ᠪᠣᠯᠤᠨ᠎ᠠ》 ᠭᠡᠵᠦ 2024 ᠣᠨ᠎ᠤ ᠰᠢᠶᠠᠩᠭ᠋ᠠᠩ᠎ᠤᠨ ᠤᠶᠤᠲᠠᠳ᠎ᠤᠨ ᠥᠪᠥᠷ ᠮᠣᠩᠭᠣᠯ᠎ᠤᠨ ᠵᠤᠨ᠎ᠤ ᠠᠮᠠᠷᠠᠯᠲᠠ ᠵᠢᠨ ᠳᠠᠳᠤᠯᠭ᠎ᠠ ᠵᠢᠨ ᠪᠦᠯᠬᠦᠮ᠎ᠤᠨ ᠰᠤᠷᠤᠭᠴᠢᠳ ᠮᠦᠽᠧᠢ᠎ᠳᠤ  ᠳᠡᠯᠭᠡᠨ ᠦᠵᠡᠭᠦᠯᠦᠭᠰᠡᠨ ᠡᠨᠡ ᠬᠦ᠌  ᠬᠦᠮᠦᠨ ᠤᠷᠤᠭᠰᠢᠯᠠᠪᠠᠯ ᠡᠯᠡᠰᠦ ᠤᠬᠤᠷᠢᠭᠰᠠᠨ᠂ ᠪᠠᠶ᠋ᠢᠭ᠋ᠠᠯᠢ ᠵᠢ ᠥᠭᠡᠷᠡᠴᠢᠯᠡᠭᠰᠡᠨ ᠠᠤᠭ᠎ᠠ ᠠᠵᠢᠯᠯᠠᠭ᠎ᠠ ᠵᠢ ᠦᠵᠡᠭᠡᠳ ᠰᠡᠳᠬᠢᠯ  ᠬᠦᠳᠡᠯᠦᠨ ᠶᠠᠷᠢᠵᠠᠢ᠃
      ᠨᠢᠭᠡ ᠮᠦᠽᠧᠶ ᠪᠣᠯ ᠨᠢᠭᠡ ᠶᠡᠬᠡ ᠰᠤᠷᠭ᠋ᠠᠭᠤᠯᠢ ᠪᠣᠯᠤᠨ᠎ᠠ᠃ 2024 ᠣᠨ᠎ᠤ 4 ᠳ᠋ᠦ᠍ᠭᠡᠷ ᠰᠠᠷ᠎ᠠ ᠵᠢᠨ 19 ᠎ᠤ ᠡᠳᠦᠷ᠂ ᠮᠠᠯᠵᠢᠬᠤ ᠳ᠋ᠠᠵᠠᠢ ᠵᠢᠨ ᠮᠦᠽᠧᠢ ᠵᠢ ᠭᠤᠷᠪᠠᠳᠠᠬᠢ ᠤᠳᠠᠭ᠎ᠠ ᠰᠢᠨᠡᠳᠬᠡᠨ ᠦᠭᠡᠷᠡᠴᠢᠯᠡᠭᠡᠳ ᠲᠡᠰ ᠳᠡᠪᠰᠢᠭᠦᠯᠦᠨ  ᠳᠠᠭᠤᠰᠬᠠᠵᠠᠢ᠃ ᠮᠦᠽᠧᠶ ᠨᠡᠭᠡᠭᠡᠭᠰᠡᠨ ᠠᠩᠬᠠᠨ᠎ᠤ ᠡᠳᠦᠷ᠎ᠤᠳ᠎ᠲᠤ ᠨᠤᠲᠤᠭ ᠨᠤᠲᠤᠭ᠎ᠤᠨ ᠬᠦᠮᠦᠰ ᠵᠣᠨ᠎ᠤ ᠬᠤᠭᠤᠴᠠᠭ᠋ᠠᠨ᠎ᠤ ᠰᠤᠳᠤᠯᠤᠨ ᠰᠤᠷᠤᠯᠴᠠᠬᠤ ᠵᠢᠭᠤᠯᠴᠢᠯᠠᠯ ᠪᠤᠶᠤ ᠨᠠᠮ᠎ᠤᠨ ᠡᠳᠦᠷ᠎ᠤᠨ ᠠᠵᠢᠯᠯᠠᠭ᠎ᠠ᠎ᠪᠠᠨ ᠡᠨᠳᠡ ᠦᠷᠨᠢᠭᠦᠯᠬᠦ᠎ᠪᠠᠷ ᠰᠤᠷᠠᠭᠯᠠᠬᠤ᠎ᠪᠠᠷ ᠢᠷᠡᠵᠡᠭᠡᠵᠦ ᠪᠠᠢ᠌ᠯ᠎ᠠ᠃ 1966 ᠣᠨ᠎ᠤ 6 ᠳ᠋ᠤᠭ᠋ᠠᠷ ᠰᠠᠷ᠎ᠠ ᠵᠢᠨ 12᠎ᠤᠨ ᠡᠳᠦᠷ ᠪᠦᠬᠦᠳᠠ ᠨᠠᠶ᠋ᠢᠷᠠᠮᠳᠠᠬᠤ ᠮᠠᠯᠢ ᠤᠯᠤᠰ᠎ᠤᠨ ᠲᠥᠯᠥᠭᠡᠯᠡᠭᠴᠢᠳ᠎ᠤᠨ ᠪᠦᠯᠬᠦᠮ᠎ᠤᠨ ᠠᠶ᠋ᠢᠯᠴᠢᠯᠠᠯᠲᠠ᠎ᠠᠴᠠ ᠥᠨᠥᠳᠦᠷ᠎ᠤᠨ ᠡᠯ᠎ᠡ ᠲᠠᠯ᠎ᠠ ᠵᠢᠨ ᠵᠤᠭ᠋ᠠᠴᠠᠭᠰᠠᠳ ᠠᠭᠤᠯᠠ ᠳᠠᠪᠠᠵᠤ ᠲᠠᠯᠠᠢ ᠵᠢ ᠲᠤᠭᠤᠯᠤᠨ ᠢᠷᠡᠭᠰᠡᠨ ᠬᠦᠷᠲᠡᠯ᠎ᠡ᠂ ᠰᠢᠷᠭ᠋ᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠋ᠠᠨ᠎ᠤ ᠤᠯᠠᠮᠵᠢᠯᠠᠯ᠂  ᠨᠤᠮᠢᠨ ᠨᠤᠭᠤᠭ᠋ᠠᠨ ᠢᠲᠡᠭᠡᠯ ᠪᠢᠰᠢᠷᠡᠯ᠎ᠤᠨ ᠪᠠᠳᠠᠷᠠᠯ᠎ᠨᠢ ᠦᠦᠰᠢᠨ ᠵᠤᠤ ᠪᠠᠯᠭ᠋ᠠᠰᠤᠨ᠎ᠤ  ᠡᠨᠡ ᠬᠦ᠌ 《ᠲᠩᠷᠢ ᠲᠤᠯᠤᠮ᠎ᠠ ᠪᠠᠶᠠᠨ ᠡᠷᠬᠢᠮ》᠎ᠢ ᠬᠦᠯᠢᠶᠡᠨ ᠠᠪᠬᠤ ᠰᠥᠰᠥ ᠴᠢᠳᠠᠯ ᠪᠣᠯᠵᠠᠢ᠃
       ᠦᠦᠰᠢᠨ ᠬᠣᠰᠢᠭᠤ᠎ᠨᠢ ᠶᠡᠷᠦ᠎ᠠᠴᠠ ᠠᠭᠤᠰᠤᠯᠴᠠᠨ ᠬᠥᠭᠵᠢᠬᠦ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠮᠠᠯᠵᠢᠬᠤ ᠳ᠋ᠠᠵᠠᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠬᠤ ᠵᠢ ᠨᠢᠭᠡᠳᠦᠮᠡᠯ ᠹᠷᠣᠨᠲ᠎ᠤᠨ ᠠᠵᠢᠯ᠎ᠳᠤ ᠣᠷᠣᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠢᠳᠡᠪᠬᠢᠲᠡᠢ ᠭᠤᠶᠤᠴᠢᠯᠠᠨ ᠪᠠᠶ᠋ᠢᠭᠤᠯᠵᠤ᠂ ᠮᠠᠯᠵᠢᠬᠤ ᠳ᠋ᠠᠵᠠᠢ ᠵᠢᠨ ᠲᠡᠦᠬᠡ ᠵᠢᠨ ᠠᠬᠤᠢ ᠪᠠᠶ᠋ᠢᠳᠠᠯ ᠪᠣᠯᠤᠨ ᠴᠠᠭ ᠦᠶ᠎ᠡ ᠵᠢᠨ ᠵᠣᠷᠢᠭ ᠰᠠᠨᠠᠭ᠎ᠠ᠎ᠪᠠᠷ ᠠᠴᠢᠶᠠᠯᠠᠪᠤᠷᠢ ᠪᠣᠯᠭ᠋ᠠᠵᠤ᠂ ᠮᠠᠯᠵᠢᠬᠤ ᠳ᠋ᠠᠵᠠᠢ ᠵᠢᠨ ᠮᠦᠽᠧᠢ᠂ ᠮᠤᠤᠠᠤᠰᠤ ᠵᠢᠨ ᠡᠯᠡᠰᠦᠨ᠎ᠤ ᠠᠮᠢ ᠨᠠᠰᠤᠨ᠎ᠤ ᠬᠠᠮᠲᠤ ᠵᠢᠨ ᠴᠣᠭᠴᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠪ᠂ ᠮᠠᠯᠵᠢᠬᠤ ᠳ᠋ᠠᠵᠠᠢ ᠵᠢᠨ ᠪᠡᠶᠡᠴᠢᠯᠡᠨ ᠣᠶ᠋ᠢᠯᠠᠭ᠋ᠠᠬᠤ ᠮᠠᠶᠢᠭ᠎ᠤᠨ ᠠᠮᠢ ᠠᠬᠤᠢ ᠵᠢᠨ ᠬᠥᠮᠦᠵᠢᠯ᠎ᠤᠨ ᠰᠠᠭᠤᠷᠢᠨ᠂ ᠪᠦᠷᠢᠳᠦ ᠭᠠᠴᠠᠭ᠎ᠠ ᠵᠢᠨ ᠮᠤᠤᠠᠤᠰᠤ ᠵᠢᠨ ᠡᠯᠡᠰᠦ ᠵᠢ ᠤᠰᠠᠳᠬᠠᠬᠤ ᠳᠠᠶ᠋ᠢᠯᠠᠯᠳᠤᠭ᠋ᠠᠨ᠎ᠤ ᠨᠣᠭᠣᠭ᠋ᠠᠷᠠᠭᠤᠯᠤᠯᠲᠠ ᠵᠢᠨ ᠵᠢᠱ᠌ᠢᠶ᠎ᠡ ᠦᠵᠡᠭᠦᠯᠬᠦ ᠴᠡᠭ ᠵᠡᠷᠭᠡ ᠵᠢ ᠬᠡᠯᠬᠢᠵᠦ᠂ ᠤᠷᠢᠳᠤᠰ᠎ᠤᠨ ᠤᠯᠠ ᠮᠥᠷ᠎ᠢ ᠡᠷᠢᠯᠬᠢᠯᠡᠵᠦ᠂ ᠮᠠᠯᠵᠢᠬᠤ ᠳ᠋ᠠᠵᠠᠢ ᠵᠢᠨ ᠵᠣᠷᠢᠭ ᠰᠠᠨᠠᠭ᠎ᠠ ᠵᠢ ᠤᠮᠳᠠᠯᠠᠨ ᠬᠦᠷᠲᠡᠬᠦ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠲᠣᠭᠣᠷᠢᠨ ᠦᠵᠡᠬᠦ ᠱᠤᠭᠤᠮ᠎ᠢ ᠪᠦᠷᠢᠯᠳᠦᠭᠦᠯᠵᠡᠢ᠂ ᠪᠠᠰᠠ ᠬᠠᠪᠤᠷ᠎ᠤᠨ ᠮᠤᠷᠢᠨ᠎ᠤ ᠴᠤᠭᠯᠠᠭ᠋ᠠᠨ᠂ 《ᠮᠠᠯᠴᠢᠳ᠎ᠤᠨ ᠬᠥᠪᠡᠭᠦᠨ》 ᠰᠣᠶᠣᠯ ᠲᠠᠮᠢᠷ᠎ᠤᠨ ᠤᠷᠠᠯᠢᠭ᠎ᠤᠨ ᠠᠵᠢᠯᠯᠠᠭ᠎ᠠ᠂ 《ᠦᠨᠳᠦᠰᠦᠲᠡᠨ᠎ᠨᠦᠭᠦᠳ ᠨᠢᠭᠡ ᠭᠡᠷ᠎ᠤᠨ᠎ᠬᠢᠨ ᠮᠡᠲᠦ ᠪᠦᠯᠬᠦᠮᠳᠡᠭᠦᠯᠵᠦ᠂ ᠨᠣᠭᠤᠭ᠋ᠠᠨ ᠴᠢᠨᠡᠭᠡᠯᠢᠭ᠎ᠳᠤ᠎ᠪᠠᠨ ᠨᠠᠮ᠎ᠤᠨ ᠠᠴᠢ ᠵᠢ ᠮᠠᠭᠲᠠᠨ ᠳᠠᠭᠤᠯᠠᠬᠤ》 ᠭᠤᠤᠯ ᠰᠡᠳᠦᠪᠲᠦ ᠤᠷᠠᠨ ᠰᠠᠶ᠋ᠢᠬᠠᠨ᠎ᠤ ᠦᠳᠡᠰᠢᠯᠡᠭᠡ ᠵᠡᠷᠭᠡ ᠠᠯᠢ ᠣᠯᠠᠨ ᠨᠥᠯᠥᠭᠡᠯᠡᠬᠦ ᠬᠦᠴᠦᠨ᠎ᠲᠠᠢ ᠤᠷᠤᠯᠳᠤᠭ᠋ᠠᠨ ᠪᠠ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠲᠥᠯᠥᠪᠵᠢᠭᠦᠯᠦᠭᠰᠡᠨ ᠵᠶ᠋ᠡᠷ᠂ ᠮᠠᠯᠵᠢᠬᠤ ᠳ᠋ᠠᠵᠠᠶ ᠵᠢᠨ ᠮᠦᠽᠧᠶ᠎ᠨᠢ ᠳᠥᠷᠪᠡᠨ ᠵᠦᠭ᠎ᠤᠨ ᠵᠣᠴᠢᠳ᠎ᠤᠨ  ᠵᠠᠪᠠᠯ ᠢᠷᠡᠵᠦ ᠦᠵᠡᠳᠡᠭ ᠰᠢᠨ᠎ᠡ  ᠭᠠᠵᠠᠷ  ᠪᠣᠯᠤᠭᠰᠠᠨ ᠪᠠᠶ᠋ᠢᠨ᠎ᠠ᠃ ᠪᠠᠶᠠᠯᠢᠭ ᠰᠠᠶ᠋ᠢᠬᠠᠨ ᠠᠵᠢᠯᠯᠠᠭ᠎ᠠ᠎ᠨᠢ ᠵᠤᠭ᠋ᠠᠴᠠᠭᠰᠠᠳ ᠪᠠ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠡᠷᠡᠭᠴᠡᠭᠡ ᠵᠢ ᠬᠠᠩᠭ᠋ᠠᠵᠤ᠂ ᠮᠦᠨ ᠴᠦ᠍ ᠦᠦᠰᠢᠨ ᠵᠣᠣ ᠪᠠᠯᠭ᠋ᠠᠰᠤᠨ᠎ᠤ 《ᠨᠠᠮ᠎ᠤᠨ ᠪᠠᠶ᠋ᠢᠭᠤᠯᠤᠯᠲᠠ᠎ᠪᠠᠷ ᠬᠥᠲᠥᠯᠥᠨ ᠳᠠᠭ᠋ᠠᠭᠤᠯᠵᠤ᠂ ᠨᠤᠭᠤᠭ᠋ᠠᠷᠠᠭᠤᠯᠤᠯᠳᠠ ᠴᠢᠨᠡᠭᠡᠯᠡᠭᠵᠢᠯᠳᠡ᠎ᠳᠤ ᠰᠡᠳᠬᠢᠯ  ᠨᠢᠭᠡᠳᠬᠦ》 ᠰᠢᠵᠢᠷ ᠠᠯᠲᠠᠨ ᠨᠡᠷ᠎ᠡ ᠵᠢᠨ ᠬᠠᠭᠤᠳᠠᠰᠤ ᠵᠢ ᠤᠯᠠᠮ ᠨᠢᠭᠡ ᠠᠯᠬᠤᠮ ᠭᠡᠷᠡᠯᠲᠦᠭᠦᠯᠪᠡ᠃
      ᠵᠣᠷᠢᠭ ᠰᠠᠨᠠᠭ᠎ᠠ ᠵᠢ 《ᠤᠯᠠᠮᠵᠢᠯᠠᠵᠠᠢ》
       ᠡᠨᠡ ᠵᠢᠯ᠎ᠠᠴᠠ ᠨᠠᠭ᠋ᠠᠰᠢ᠂ ᠦᠦᠰᠢᠨ ᠬᠣᠰᠢᠭᠤ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤᠳᠬᠠᠬᠤ ᠡᠨᠡ ᠬᠦ᠌ ᠭᠣᠣᠯ ᠰᠢᠵᠢᠮ᠎ᠤᠨ ᠲᠣᠭᠣᠷᠢᠨ᠎ᠳᠤ ᠮᠠᠯᠵᠢᠬᠤ ᠳ᠋ᠠᠵᠠᠢ ᠵᠢᠨ ᠠᠮᠢ ᠠᠬᠤᠢ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠥᠭᠡᠷᠡᠴᠢᠯᠡᠨ ᠳᠡᠭᠡᠭᠰᠢᠯᠡᠭᠦᠯᠬᠦ ᠠᠵᠢᠯ᠎ᠢ ᠬᠡᠷᠡᠭᠵᠢᠭᠦᠯᠵᠦ᠂ ᠦᠦᠰᠢᠨ ᠵᠤᠤ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠰᠠᠢ᠍ᠢ᠍ᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠬᠤ ᠠᠬᠤᠢ ᠪᠠᠶ᠋ᠢᠳᠠᠯ᠎ᠢ ᠠᠭᠤᠰᠤᠯᠴᠠᠭᠤᠯᠪᠠ᠃ ᠦᠦᠰᠢᠨ ᠬᠣᠰᠢᠭᠤᠨ᠎ᠤ ᠨᠣᠭᠣᠭ᠋ᠠᠷᠠᠭᠤᠯᠤᠯᠲᠠ ᠵᠢᠨ ᠵᠥᠪᠯᠡᠯ᠎ᠤᠨ᠎ᠬᠢᠨ 《ᠮᠠᠯᠵᠢᠬᠤ ᠳ᠋ᠠᠵᠠᠶ》 ᠵᠢᠨ ᠥᠩᠭᠡ ᠬᠡᠷᠡᠯ᠎ᠢ ᠰᠢᠨᠡᠳᠬᠡᠨ ᠪᠠᠳᠠᠷᠠᠭᠤᠯᠵᠤ᠂ 70 ᠭᠠᠷᠤᠶ ᠵᠢᠯ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠯᠡᠰᠦ ᠵᠢ ᠵᠠᠰᠠᠭᠰᠠᠨ ᠲᠡᠦᠬᠡ ᠵᠢᠨ ᠣᠶᠤᠨ ᠰᠠᠨᠠᠭ᠋ᠠᠨ᠎ᠤ ᠬᠡᠪ ᠴᠢᠨᠠᠷ ᠪᠣᠯᠤᠨ ᠰᠡᠳᠬᠢᠯ ᠬᠥᠳᠡᠯᠭᠡᠮ᠎ᠡ ᠦᠢ᠍ᠯᠡ ᠠᠵᠢᠯᠯᠠᠭ᠎ᠠ ᠵᠢ ᠰᠢᠰᠲ᠋ᠧᠮ᠎ᠲᠠᠢ ᠡᠮᠬᠢᠯᠡᠵᠦ᠂ ᠮᠠᠯᠵᠢᠬᠤ ᠳ᠋ᠠᠵᠠᠶ ᠵᠢᠨ ᠮᠦᠽᠧᠶ᠂ ᠠᠮᠢ ᠠᠬᠤᠶ ᠵᠢᠨ ᠪᠣᠯᠪᠠᠰᠤᠨ᠎ᠤ ᠦᠵᠡᠭᠦᠯᠭᠡ ᠵᠢᠨ ᠣᠷᠳᠣᠨ᠂ ᠮᠤᠤᠠᠤᠰᠤ ᠵᠢᠨ ᠡᠯᠡᠰᠦᠨ᠎ᠤ ᠠᠮᠢ ᠨᠠᠰᠤᠨ᠎ᠤ ᠬᠠᠮᠲᠤ ᠵᠢᠨ ᠴᠣᠭᠴᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠪ᠂ ᠠᠮᠢ ᠠᠬᠤᠶ ᠵᠢ ᠪᠡᠶᠡᠴᠢᠯᠡᠨ ᠣᠶ᠋ᠢᠯᠠᠭ᠋ᠠᠬᠤ ᠰᠠᠭᠤᠷᠢᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ ᠵᠡᠷᠭᠡ ᠵᠢ ᠪᠠᠶ᠋ᠢᠭᠤᠯᠵᠤ᠂ ᠨᠤᠮᠢᠨ ᠨᠤᠭᠤᠭ᠋ᠠᠨ ᠠᠮᠢ ᠠᠬᠤᠶ ᠵᠢᠨ ᠥᠯᠢᠭᠡᠷ᠎ᠤᠳ ᠵᠶ᠋ᠡᠷ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠷᠡᠰ ᠭᠤᠶ᠋ᠢᠪᠢᠰᠢ ᠥᠬᠡᠶ᠎ᠪᠠᠷ ᠨᠠᠮ ᠵᠶ᠋ᠠᠨ ᠳᠠᠭ᠋ᠠᠬᠤ ᠪᠠᠲᠤ ᠵᠣᠷᠢᠭ᠎ᠢ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠰᠡᠳᠬᠢᠯ ᠨᠢᠭᠡᠳᠦᠨ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠨ ᠪᠥᠲᠥᠭᠡᠨ ᠪᠠᠶ᠋ᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ᠴᠣᠭ ᠵᠢᠪᠬᠤᠭ᠎ᠠ ᠵᠢ ᠢᠯᠡᠷᠡᠭᠦᠯᠪᠡ᠃ 2024 ᠣᠨ᠎ᠳᠤ ᠦᠦᠰᠢᠨ ᠬᠣᠰᠢᠭᠤᠨ᠎ᠤ ᠨᠣᠭᠣᠭ᠋ᠠᠷᠠᠭᠤᠯᠤᠯᠲᠠ ᠵᠢᠨ ᠵᠥᠪᠯᠡᠯ᠎ᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠠᠮᠲᠤ᠎ᠪᠠᠷ ᠬᠦᠬᠢᠭᠦᠯᠪᠡ᠃



       ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
       ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

ᠢᠷᠡᠯᠲᠡ᠄ ᠦᠦᠰᠢᠨ᠎ᠤ ᠨᠢᠭᠡᠳᠦᠮᠡᠯ ᠹᠷᠣᠨᠲ