ᠴᠠᠭ᠋ᠠᠨ ᠰᠠᠷ᠎ᠠ ᠣᠢ᠌ᠷᠠᠳᠬᠤ ᠳᠠᠰᠢᠷᠠᠮ ᠵᠢᠡᠷ᠂ ᠦᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠤᠷᠢᠶᠠᠨ᠎ᠤ ᠭᠤᠷᠪᠠᠳᠤᠭ᠋ᠠᠷ ᠬᠤᠷᠠᠯᠳᠤᠭ᠋ᠠᠨ ᠪᠣᠯᠤᠨ ᠦᠪᠡᠷᠲᠡᠭᠡᠨ ᠵᠠᠰᠠᠬᠤ ᠣᠷᠤᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠬᠥᠬᠡᠬᠣᠲᠠ᠎ᠳᠤ ᠠᠮᠵᠢᠯᠲᠠ᠎ᠲᠠᠢ ᠬᠤᠷᠠᠯᠳᠤᠪᠠ᠃ ᠥᠪᠦᠷ ᠮᠤᠩᠭᠤᠯ᠎ᠤᠨ ᠦᠨᠳᠦᠰᠦᠳᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ ᠵᠢᠨ᠎ᠬᠢᠨ ᠭᠣᠤᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠤᠢ᠌ᠯᠡᠴᠢᠯᠡᠬᠦ ᠣᠪᠣᠷ ᠵᠶ᠋ᠠᠷ ᠪᠠᠲᠤ ᠴᠢᠩᠭ᠎ᠠ ᠤᠯᠤᠰ ᠲᠥᠷᠥ ᠵᠢᠨ ᠤᠬᠠᠮᠰᠠᠷ᠎ᠲᠠᠢ᠂ ᠲᠤᠬᠠᠢ᠌ᠯᠠᠭᠰᠠᠨ ᠠᠵᠢᠯ᠎ᠳᠤ᠎ᠪᠠᠨ ᠴᠠᠭ᠋ᠠᠷᠠᠭᠰᠠᠨ 3 ᠰᠢᠯᠢᠳᠡᠭ ᠨᠠᠢ᠌ᠷᠠᠭᠤᠯᠤᠭᠴᠢ ᠵᠢ 《ᠬᠣᠶᠠᠷ ᠬᠤᠷᠠᠯ》᠎ᠤᠨ ᠴᠢᠬᠤᠯᠠ ᠪᠢᠴᠢᠭ ᠮᠠᠲ᠋ᠧᠷᠢᠶᠠᠯ᠎ᠤᠨ ᠮᠣᠩᠭᠣᠯ ᠬᠡᠯᠡᠨ᠎ᠤ ᠣᠷᠴᠢᠭᠤᠯᠭ᠎ᠠ ᠵᠢᠨ ᠠᠵᠢᠯ᠎ᠳᠤ ᠤᠷᠤᠯᠴᠠᠭᠤᠯᠪᠠ᠃
ᠬᠤᠷᠠᠯ᠎ᠤᠨ ᠬᠤᠭᠤᠴᠠᠭ᠋ᠠᠨ᠎ᠤ ᠡᠯ᠎ᠡ ᠲᠥᠷᠥᠯ᠎ᠤᠨ ᠪᠢᠴᠢᠭ ᠮᠠᠲ᠋ᠧᠷᠢᠶᠠᠯ᠎ᠢ ᠨᠠᠷᠢᠯᠢᠭ ᠣᠨᠣᠪᠴᠢᠲᠠᠶ ᠨᠠᠢ᠌ᠷᠠᠭᠤᠯᠤᠨ ᠣᠷᠴᠢᠭᠤᠯᠬᠤ ᠪᠣᠯ ᠡᠯ᠎ᠡ ᠦᠨᠳᠦᠰᠦᠲᠡᠨ᠎ᠤ ᠭᠡᠰᠢᠭᠦᠳ᠎ᠲᠤ ᠮᠡᠳᠡᠭᠡ ᠵᠠᠩᠭᠢ ᠵᠢ ᠣᠨᠣᠪᠴᠢᠲᠠᠢ ᠳᠠᠮᠵᠢᠭᠤᠯᠵᠦ᠂ ᠭᠡᠰᠢᠭᠦᠳ᠎ᠤᠨ ᠥᠨᠳᠥᠷ ᠪᠦᠲᠦᠮᠵᠢᠲᠡᠶ ᠡᠭᠦᠷᠭᠡ ᠲᠤᠰᠢᠶᠠᠯ ᠵᠶ᠋ᠠᠨ ᠭᠦᠢᠴᠡᠳᠬᠡᠬᠦ᠎ᠳᠤ ᠬᠦᠴᠦᠨ ᠨᠡᠮᠡᠷᠢᠯᠡᠬᠦ ᠶᠠᠪᠤᠳᠠᠯ ᠪᠣᠯᠤᠨ᠎ᠠ᠃ ᠬᠤᠷᠠᠯ᠎ᠤᠨ ᠣᠷᠴᠢᠭᠤᠯᠭ᠎ᠠ᠎ᠨᠢ ᠴᠠᠭ ᠪᠠᠴᠢᠮ᠂ ᠡᠭᠦᠷᠭᠡ ᠬᠦᠨᠳᠦ᠂ ᠱᠠᠭ᠋ᠠᠷᠳᠠᠯᠭ᠎ᠠ ᠥᠨᠳᠥᠷ ᠪᠠᠢ᠌ᠳᠠᠭ ᠶᠤᠮ᠃ ᠨᠠᠢ᠌ᠷᠠᠭᠤᠯᠤᠭᠴᠢ ᠨᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ᠎ᠢ ᠣᠷᠴᠢᠭᠤᠯᠭ᠎ᠠ ᠵᠢᠨ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠬᠤ ᠵᠢ ᠪᠠᠷᠢᠮᠲᠠᠯᠠᠵᠤ᠂ ᠣᠭ ᠵᠣᠬᠢᠶᠠᠯ᠎ᠢ ᠭᠦᠨᠵᠡᠭᠡᠶ ᠰᠤᠳᠤᠯᠤᠨ ᠤᠩᠰᠢᠭᠰᠠᠨ ᠰᠠᠭᠤᠷᠢᠨ ᠳᠡᠭᠡᠷ᠎ᠡ ᠣᠨᠣᠴᠠᠲᠠᠢ ᠣᠷᠴᠢᠭᠤᠯᠵᠤ᠂ 《ᠣᠭ ᠵᠣᠬᠢᠶᠠᠯ᠎ᠢ ᠬᠦᠨᠳᠦᠳᠬᠡᠵᠦ᠂ ᠤᠭ ᠵᠤᠬᠢᠶᠠᠯ᠎ᠳᠤ ᠦᠨᠡᠨᠴᠢ ᠪᠠᠢ᠌ᠬᠤ》 ᠵᠠᠷᠴᠢᠮ᠎ᠢ ᠵᠢᠷᠤᠮᠯᠠᠨ ᠠᠩᠬᠠᠨ᠎ᠤ ᠬᠢᠨᠠᠯᠲᠠ ᠬᠢᠵᠦ᠂ 《ᠪᠢᠴᠢᠭ ᠮᠠᠲ᠋ᠧᠷᠢᠶᠠᠯ᠎ᠤᠨ ᠢᠯᠭᠤᠮ ᠤᠷᠤᠭᠰᠢᠲᠠᠶ ᠪᠠᠢ᠌ᠬᠤ᠂ ᠲᠣᠭ᠋ᠠᠴᠢᠯᠲᠠ᠎ᠨᠢ ᠴᠢᠩᠭ᠎ᠠ ᠨᠢᠮᠪᠠᠶ ᠪᠠᠢ᠌ᠬᠤ᠂ ᠬᠡᠯᠨ ᠬᠡᠯᠡᠯᠬᠡ᠎ᠨᠢ ᠵᠢᠷᠤᠮᠵᠢᠭᠤᠨ ᠪᠠᠢ᠌ᠬᠤ᠂ ᠬᠡᠯᠪᠡᠷᠢ ᠮᠠᠶᠢᠭ᠎ᠨᠢ ᠵᠥᠪ ᠪᠠᠢ᠌ᠬᠤ》 ᠵᠢ ᠦᠨᠡᠨ ᠬᠦ᠌ ᠪᠠᠲᠤᠯᠠᠬᠤ ᠪᠠᠷᠢᠮᠵᠢᠶ᠎ᠠ ᠶᠣᠰᠣᠭ᠋ᠠᠷ ᠳᠠᠬᠢᠨ ᠬᠢᠨᠠᠵᠤ᠂ 《ᠣᠨᠣᠪᠴᠢᠲᠠᠶ ᠪᠠᠢ᠌ᠬᠤ᠂ ᠰᠠᠨᠠᠭ᠎ᠠ᠎ᠪᠠᠨ ᠵᠦᠪ ᠢᠯᠡᠳᠬᠡᠭᠰᠡᠨ ᠪᠠᠢ᠌ᠬᠤ᠂ ᠪᠦᠷᠢᠨ ᠪᠦᠲᠦᠨ ᠪᠠᠢ᠌ᠬᠤ᠂ ᠵᠢᠷᠤᠮᠵᠢᠭᠤᠨ ᠪᠠᠢ᠌ᠬᠤ᠂ ᠨᠢᠭᠡᠳᠦᠯᠲᠡᠶ ᠪᠠᠢ᠌ᠬᠤ》 ᠵᠠᠷᠴᠢᠮ ᠶᠣᠰᠣᠭ᠋ᠠᠷ ᠡᠴᠦᠰ᠎ᠤᠨ ᠬᠢᠨᠠᠯᠲᠠ ᠬᠢᠪᠡ᠃ ᠠᠵᠢᠯ᠎ᠤᠨ ᠬᠤᠭᠤᠴᠠᠭ᠋ᠠᠨ᠎ᠳᠤ ᠲᠤᠬᠠᠢ᠌ᠯᠠᠭᠰᠠᠨ ᠠᠵᠢᠯ᠎ᠤᠨ ᠨᠠᠷᠢᠨ ᠲᠤᠪᠶᠤᠭ᠎ᠢ ᠨᠢᠭᠡᠳᠦᠯᠲᠡᠶ ᠲᠥᠯᠥᠪᠯᠡᠨ ᠡᠮᠬᠢᠯᠡᠬᠦ ᠵᠢ ᠴᠢᠬᠤᠯᠠᠴᠢᠯᠠᠵᠤ᠂ ᠪᠠᠷᠢᠮᠵᠢᠶᠠᠵᠢᠭᠤᠯᠤᠭᠰᠠᠨ ᠠᠵᠢᠯ᠎ᠤᠨ ᠶᠠᠪᠤᠴᠠ ᠵᠢᠨ ᠬᠦᠰᠦᠨᠦᠭ᠎ᠢ ᠨᠠᠷᠢᠯᠢᠭᠵᠢᠭᠤᠯᠵᠤ᠂ ᠣᠷᠴᠢᠭᠤᠯᠬᠤ ᠪᠣᠭᠣᠮᠲᠠ᠂ ᠬᠢᠨᠠᠬᠤ ᠪᠣᠭᠣᠮᠲᠠ᠂ ᠬᠠᠷᠭᠤᠭᠤᠯᠬᠤ ᠪᠣᠭᠣᠮᠲᠠ ᠵᠢ ᠴᠢᠩᠭ᠎ᠠ ᠠᠳᠬᠤᠵᠤ᠂ ᠣᠷᠴᠢᠭᠤᠯᠭ᠎ᠠ ᠵᠢᠨ ᠨᠡᠷ᠎ᠡ ᠲᠣᠮᠢᠶ᠎ᠠ ᠵᠢ ᠨᠢᠭᠡᠳᠬᠡᠵᠦ ᠣᠨᠣᠪᠴᠢᠲᠠᠶ ᠣᠷᠴᠢᠭᠤᠯᠬᠤ ᠵᠢ ᠪᠠᠳᠤᠯᠠᠪᠠ᠃ ᠨᠠᠢ᠌ᠷᠠᠭᠤᠯᠤᠭᠴᠢᠳ ᠬᠡᠳᠦᠨ ᠡᠳᠦᠷ᠎ᠤᠨ ᠴᠥᠬᠥᠷᠡᠰᠢ ᠥᠬᠡᠶ ᠴᠢᠷᠮᠠᠢ᠌ᠯᠭ᠎ᠠ᠎ᠪᠠᠷ ᠳᠠᠮᠵᠢᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠪᠢᠴᠢᠭ ᠮᠠᠲ᠋ᠧᠷᠢᠶᠠᠯ᠎ᠤᠨ ᠣᠷᠴᠢᠭᠤᠯᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠲᠠᠷᠠᠭ᠋ᠠᠴᠢ᠎ᠪᠠᠷ ᠰᠡᠳᠬᠦᠯ᠎ᠤᠨ ᠬᠣᠷᠢᠢ᠎ᠠ ᠵᠢᠨ᠎ᠬᠢᠨ ᠢᠮᠠᠭᠲᠠ ᠶᠡᠬᠡ ᠲᠠᠯ᠎ᠠ ᠵᠢᠨ ᠤᠬᠠᠮᠰᠠᠷ ᠪᠣᠯᠤᠨ ᠪᠦᠬᠦ ᠳᠠᠯ᠎ᠠ ᠵᠢᠨ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠣᠷᠴᠢᠭᠤᠯᠤᠭᠴᠢ ᠵᠢᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠤᠯᠠᠨ ᠲᠦᠮᠡᠨ᠎ᠤ ᠰᠣᠨᠣᠰᠴᠤ ᠣᠢ᠌ᠯᠠᠭ᠋ᠠᠬᠤ᠂ ᠨᠡᠪᠳᠡᠷᠡᠳᠡᠯ᠎ᠡ ᠣᠢ᠌ᠯᠠᠭ᠋ᠠᠬᠤ᠂ ᠪᠠᠲᠤ ᠴᠡᠭᠡᠵᠢᠯᠡᠬᠦ᠂ ᠤᠯᠠᠮᠵᠢᠯᠠᠭᠳᠠᠨ ᠳᠡᠯᠭᠡᠷᠡᠬᠦ ᠬᠢᠯᠪᠠᠷᠴᠢᠯᠠᠭᠰᠠᠨ ᠦᠭᠡ ᠬᠡᠯᠡ᠎ᠪᠠᠷ ᠴᠥᠭᠡᠨ ᠲᠣᠭ᠋ᠠᠲᠤ ᠦᠨᠳᠦᠰᠦᠲᠡᠨ᠎ᠤ ᠲᠥᠯᠥᠭᠡᠯᠡᠭᠴᠢ ᠪᠤᠯᠤᠨ ᠭᠡᠰᠢᠭᠦᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠲᠦᠷᠦ ᠵᠢᠨ ᠶᠠᠪᠤᠳᠠᠯ᠎ᠳᠤ ᠣᠷᠣᠯᠴᠠᠵᠤ ᠲᠦᠷᠦ ᠵᠢᠨ ᠶᠠᠪᠤᠳᠠᠯ᠎ᠢ ᠵᠥᠪᠯᠡᠬᠦ᠎ᠳᠤ ᠤᠯᠠᠮ ᠰᠠᠢ᠌ᠨ ᠦᠢ᠍ᠯᠡᠴᠢᠯᠡᠭᠡᠨ᠎ᠤ ᠪᠠᠲᠤᠯᠠᠭ᠎ᠠ ᠵᠢ ᠬᠠᠩᠭ᠋ᠠᠬᠤ ᠪᠤᠯᠤᠨ᠎ᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ