ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠲᠦᠰᠢᠭ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ᠎ᠢ ᠵᠤᠬᠢᠶᠠᠨ ᠪᠠᠢ᠌ᠭᠤᠯᠵᠦ ᠬᠤᠷᠠᠯ᠎ᠤᠨ ᠵᠣᠷᠢᠭ ᠰᠠᠨᠠᠭ᠋ᠠᠨ᠎ᠤ ᠲᠣᠭᠣᠷᠢᠨ᠎ᠳᠤ ᠲᠤᠰ ᠪᠡᠶ᠎ᠡ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠦ ᠲᠦᠷᠦᠭᠳᠡᠯ ᠵᠶ᠋ᠡᠨ ᠶᠠᠷᠢᠵᠦ᠂ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠤᠳᠤᠯᠭ᠋ᠠᠨ᠎ᠢ ᠬᠦᠨᠵᠡᠭᠡᠢ᠌ᠷᠡᠬᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠦᠢ᠍ᠯᠡᠳᠦᠯᠭᠡᠵᠢᠬᠦᠯᠪᠡ᠃
ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠴᠢᠨᠠᠷ ᠰᠠᠢ᠌ᠲᠠᠢ ᠪᠦᠲᠦᠭᠡᠨ ᠪᠠᠢ᠌ᠭᠤᠯᠤᠯᠲᠠ ᠵᠢ ᠠᠬᠢᠭᠤᠯᠪᠠ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ ᠵᠢᠨ ᠴᠠᠭ ᠦᠶ᠎ᠡ᠎ᠳᠤ ᠬᠤᠷᠠᠯᠳᠤᠬᠰᠠᠨ ᠨᠢᠭᠡᠨ ᠤᠳᠠᠭ᠋ᠠᠨ᠎ᠤ ᠲᠤᠢ᠌ᠯ᠎ᠤᠨ ᠴᠢᠬᠤᠯᠠ ᠶᠡᠬᠡ ᠬᠤᠷᠠᠯ ᠮᠥᠨ᠂ ᠰᠢᠨ᠎ᠡ ᠲᠡᠦᠬᠡ ᠵᠢᠨ ᠭᠠᠷᠤᠭ᠎ᠠ᠎ᠠᠴᠠ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠡᠷᠦᠩᠬᠡᠢ ᠳᠠᠢ᠌ᠴᠢᠯᠠᠯᠲᠠ᠂ ᠶᠡᠷᠦᠩᠬᠡᠢ ᠪᠠᠢ᠌ᠷᠢᠯᠠᠭᠤᠯᠤᠯᠳᠠ ᠪᠤᠯᠤᠨ᠎ᠠ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠨᠠᠮ᠎ᠤᠨ ᠲᠥᠪ ᠬᠣᠷᠢᠶᠠᠨ᠎ᠤ ᠪᠠᠢ᠌ᠷᠢᠯᠠᠭᠤᠯᠤᠯᠲᠠ ᠵᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢᠨ ᠲᠣᠭᠣᠷᠢᠨ᠎ᠳᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠴᠢᠨᠠᠷ ᠰᠠᠢ᠌ᠲᠠᠢ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠲᠤᠭᠤᠰᠢᠯᠠᠭᠤᠯᠬᠤ᠎ᠳᠤ ᠬᠦᠴᠦᠲᠡᠢ ᠣᠶᠤᠨ᠎ᠤ ᠲᠤᠯᠭ᠋ᠠᠭᠤᠷᠢᠯᠠᠯ ᠬᠠᠩᠭ᠋ᠠᠪᠠ᠃
ᠨᠢᠭᠡ᠂ ᠪᠠᠢ᠌ᠭᠤᠯᠤᠯ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠰᠤᠳᠤᠯᠭ᠋ᠠᠨ᠎ᠤ ᠰᠠᠭᠤᠷᠢᠨ ᠭᠠᠵᠠᠷ᠎ᠢ ᠪᠣᠳᠠᠲᠤ ᠴᠤᠬ᠍ᠴᠠᠳᠤ᠎ᠪᠠᠷ ᠪᠦᠲᠦᠭᠡᠨ ᠪᠠᠢ᠌ᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠭᠤᠷᠪᠠᠨ ᠵᠢᠯ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ》 ᠵᠡᠷᠭᠡ ᠰᠢᠷᠢᠰ ᠳᠦᠷᠢᠮ ᠲᠤᠠᠠᠳᠠᠭ᠋ᠠᠯᠤᠨ ᠪᠢᠴᠢᠭ ᠮᠠᠲ᠋ᠧᠷᠢᠶᠠᠯ᠎ᠢ ᠲᠣᠭᠲᠠᠭ᠋ᠠᠨ ᠬᠡᠷᠡᠭᠵᠢᠭᠦᠯᠵᠦ᠂ ᠰᠠᠭᠤᠷᠢᠨ ᠭᠠᠵᠠᠷ᠎ᠤᠨ ᠡᠷᠬᠢᠯᠡᠭᠴᠢ ᠵᠢᠨ ᠲᠤᠰᠢᠶᠠᠯ᠎ᠢ ᠰᠤᠷᠭ᠋ᠠᠭᠤᠯᠢ ᠵᠢᠨ ᠨᠠᠮ᠎ᠤᠨ ᠬᠤᠷᠢᠶᠠᠨ᠎ᠤ ᠱᠦᠵᠢ ᠬᠠᠪᠰᠤᠷᠭ᠋ᠠᠨ ᠬᠠᠷᠢᠭᠤᠴᠠᠪᠠ᠂ ᠬᠤᠤ ᠱ᠌ᠢ ᠶᠤᠸᠠᠨ᠂ ᠮᠠ ᠭᠦᠸᠧ ᠴᠢᠩ ᠵᠡᠷᠭᠡ ᠤᠯᠤᠰ᠎ᠤᠨ ᠳᠣᠲᠣᠭ᠋ᠠᠳᠤ ᠵᠢᠨ 10 ᠨᠠᠷᠠᠲᠤ ᠲᠤᠰᠬᠠᠢ ᠮᠡᠷᠭᠡᠵᠢᠯᠲᠡᠨ ᠵᠶ᠋ᠡᠷ ᠪᠦᠷᠢᠯᠳᠦᠭᠰᠡᠨ ᠡᠷᠳᠡᠮ ᠰᠢᠨᠵᠢᠯᠡᠭᠡᠨ᠎ᠤ ᠵᠥᠪᠯᠡᠯ᠎ᠢ ᠪᠠᠢ᠌ᠭᠤᠯᠵᠤ᠂ ᠲᠤᠰᠬᠠᠢ ᠲᠤᠰᠢᠶᠠᠯᠲᠤ ᠰᠤᠳᠤᠯᠭ᠋ᠠᠨ᠎ᠤ ᠠᠵᠢᠯᠲᠠᠨ 20 (ᠡᠭᠦᠨ᠎ᠳᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ᠎ᠨᠢ 70% ᠵᠢ ᠡᠵᠡᠯᠡᠨ᠎ᠡ)᠂ ᠲᠤᠰᠢᠶᠠᠯ ᠬᠠᠪᠰᠤᠷᠭ᠋ᠠᠭᠰᠠᠨ ᠠᠵᠢᠯᠲᠠᠨ 50 ᠭᠠᠷᠤᠢ ᠪᠣᠶ᠃ ᠰᠠᠭᠤᠷᠢᠨ ᠭᠠᠵᠠᠷ᠎ᠨᠢ 419㎡ᠤᠨ ᠲᠤᠰᠠᠭ᠋ᠠᠷ ᠠᠯᠪᠠᠯᠠᠬᠤ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠯᠠᠪᠤᠷ᠎ᠲᠠᠢ ᠪᠠᠢ᠌ᠵᠤ᠂ ᠲᠤᠰᠠᠭ᠋ᠠᠷ ᠬᠤᠪᠢᠶᠠᠷᠢᠯᠠᠨ ᠥᠭᠬᠦ ᠵᠠᠷᠤᠳᠠᠯ ᠮᠦᠩᠬᠦ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠰᠤᠷᠭ᠋ᠠᠭᠤᠯᠢ᠎ᠠᠴᠠ ᠨᠢᠭᠡᠨᠲᠡ 600 ᠭᠠᠷᠤᠢ ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠰᠠᠭᠤᠷᠢᠨ ᠭᠠᠵᠠᠷ᠎ᠤᠨ ᠡᠳᠦᠷ ᠲᠤᠲᠤᠮ᠎ᠤᠨ ᠠᠵᠢᠯᠯᠠᠭ᠋ᠠᠨ᠎ᠢ ᠪᠠᠲᠤᠯᠠᠬᠤ᠎ᠳᠤ ᠬᠡᠷᠡᠭᠯᠡᠭᠰᠡᠨ ᠪᠠᠢ᠌ᠨ᠎ᠠ᠃
ᠬᠣᠶᠠᠷ᠂ ᠰᠢᠢ᠍ᠳᠪᠦᠷᠢᠲᠦ ᠪᠣᠳᠣᠯᠭ᠎ᠠ ᠵᠢᠨ ᠵᠥᠪᠯᠡᠯᠭᠡ ᠥᠭᠬᠦ ᠠᠵᠢᠯ᠎ᠢ ᠤᠯᠠᠮ ᠨᠢᠭᠡ ᠠᠯᠬᠤᠮ ᠲᠥᠪᠯᠡᠷᠡᠭᠦᠯᠪᠡ᠃ ᠰᠠᠭᠤᠷᠢᠨ ᠭᠠᠵᠠᠷ᠎ᠨᠢ ᠦᠢ᠍ᠯᠡᠴᠢᠯᠡᠭᠡᠨ᠎ᠤ ᠰᠢᠢ᠍ᠳᠪᠦᠷᠢᠲᠦ ᠪᠣᠳᠣᠯᠭ᠎ᠠ ᠲᠤᠭᠳᠠᠭ᠋ᠠᠬᠤ᠂ ᠦᠷ᠎ᠡ ᠪᠦᠲᠦᠭᠡᠯ᠎ᠤᠨ ᠤᠯᠠᠷᠢᠭᠤᠯᠤᠯᠳᠠ ᠵᠢ ᠠᠬᠢᠭᠤᠯᠬᠤ᠂ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠤ᠎ᠬᠢ ᠨᠠᠮ ᠪᠣᠯᠣᠨ ᠵᠠᠰᠠᠭ᠎ᠤᠨ ᠣᠷᠳᠣᠨ᠎ᠤ ᠠᠩᠬᠠᠷᠴᠤ ᠪᠠᠢ᠌ᠭ᠎ᠠ ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ᠎ᠢ ᠬᠦᠴᠦᠯᠡᠨ ᠰᠢᠢ᠍ᠤᠡᠪᠦᠷᠢᠯᠡᠬᠦ ᠲᠡᠭᠡᠷ᠎ᠠ ᠠᠩᠬᠠᠷᠤᠯ ᠵᠶ᠋ᠠᠨ ᠬᠠᠨᠳᠤᠭᠤᠯᠪᠠ᠃ ᠨᠡᠢ᠍ᠢ᠍ᠳᠡ 10 ᠵᠦᠢ᠍ᠯ᠎ᠤᠨ ᠦᠷ᠎ᠡ ᠪᠦᠲᠦᠭᠡᠯ᠎ᠨᠢ ᠮᠤᠵᠢ ᠶᠠᠮᠤᠨ᠎ᠤ ᠲᠡᠰ᠎ᠠᠴᠠ ᠳᠡᠭᠡᠭᠰᠢᠬᠢ ᠤᠳᠤᠷᠢᠳᠤᠯᠭ᠎ᠠ᠎ᠳᠤ ᠴᠤᠬᠤᠯᠠᠪᠤᠷᠢᠯᠠᠭᠳᠠᠵᠤ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠭᠣᠣᠯᠯᠠᠨ ᠨᠠᠢ᠌ᠷᠠᠭᠤᠯᠤᠭᠰᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠦᠷ᠎ᠡ ᠪᠦᠲᠦᠭᠡᠯ᠎ᠤᠨ ᠰᠣᠩᠭᠣᠮᠠᠯ》᠎ᠳᠤ 1 ᠵᠤᠬᠢᠶᠠᠯ ᠰᠤᠩᠭᠤᠠᠠᠳᠠᠵᠤ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠤᠨ ᠰᠢᠨ᠎ᠡ ᠡᠬᠦᠳᠦᠯᠳᠡ ᠪᠠ ᠦᠢ᠍ᠯᠡᠳᠦᠯᠭᠡ ᠵᠢᠨ ᠨᠠᠢ᠌ᠷᠠᠭᠤᠯᠬᠤ ᠺᠤᠮᠢᠰ᠎ᠤᠨ ᠨᠠᠢ᠌ᠷᠠᠭᠤᠯᠤᠭᠰᠠᠨ 《ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠤᠨ ᠰᠢᠨ᠎ᠡ ᠡᠬᠦᠳᠦᠯᠳᠡ ᠬᠢᠭᠡᠳ ᠦᠢ᠍ᠯᠡᠳᠦᠯᠭᠡ》᠎ᠳᠤ 1 ᠵᠤᠬᠢᠶᠠᠯ ᠰᠤᠩᠭᠤᠠᠠᠳᠠᠵᠤ᠂ 53 ᠵᠤᠬᠢᠶᠠᠯ᠎ᠨᠢ ᠥᠪᠡᠷᠲᠡᠭᠡᠨ ᠵᠠᠰᠠᠬᠤ ᠣᠷᠣᠨ ᠪᠣᠯᠣᠨ ᠡᠯ᠎ᠡ ᠠᠢ᠌ᠮᠠᠭ ᠬᠤᠳᠠ᠂ ᠬᠣᠰᠢᠭᠤ ᠰᠢᠶᠠᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠯᠠᠪᠯᠠᠯᠲᠠ ᠵᠢᠨ ᠮᠡᠳᠡᠭᠦᠯᠦᠯᠲᠡ᠎ᠪᠠᠷ ᠠᠰᠢᠠᠠᠯᠠᠭᠳᠠᠭᠰᠠᠨ ᠪᠠᠢ᠌ᠨ᠎ᠠ᠃
ᠭᠤᠷᠪᠠ᠂ ᠤᠨᠤᠯ᠎ᠤᠨ ᠰᠤᠳᠤᠯᠭ᠋ᠠᠨ᠎ᠨᠢ ᠠᠬᠢᠯᠳᠡ᠎ᠲᠠᠢ ᠪᠤᠯᠪᠡ᠃ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠳᠤᠮᠳᠠᠬᠢ ᠴᠢᠬᠤᠯᠠ ᠶᠡᠬᠡ ᠰᠠᠭᠤᠷᠢ ᠴᠢᠨᠠᠷᠲᠠᠢ ᠠᠰᠠᠭᠤᠳᠠᠯ᠎ᠤᠨ ᠲᠣᠭᠣᠷᠢᠨ᠎ᠳᠤ ᠰᠤᠳᠤᠯᠭ᠋ᠠᠨ ᠥᠷᠨᠢᠭᠦᠯᠵᠦ᠂ 2 ᠲᠦᠷᠦᠯ ᠵᠤᠢ᠌ᠯ᠎ᠨᠢ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠥᠷᠥᠯ ᠵᠦᠢ᠍ᠯ᠎ᠳᠤ ᠴᠢᠬᠤᠯᠠ ᠶᠡᠬᠡ ᠲᠤᠰᠬᠠᠢ ᠲᠥᠷᠥᠯ ᠵᠦᠢ᠍ᠯ᠎ᠳᠤ᠂ 33 ᠲᠦᠷᠦᠯ ᠵᠤᠢ᠌ᠯ᠎ᠨᠢ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠦᠷᠦᠯ ᠵᠤᠢ᠌ᠯ᠎ᠳᠤ ᠵᠥᠪᠰᠢᠶᠡᠷᠡᠭᠳᠡᠪᠡ᠃ 30 ᠭᠠᠷᠤᠢ ᠲᠤᠰᠬᠠᠢ ᠵᠣᠬᠢᠶᠠᠯ ᠬᠡᠪᠯᠡᠭᠦᠯᠵᠦ᠂ 150 ᠭᠠᠷᠤᠢ ᠡᠷᠳᠡᠮ ᠰᠢᠨᠵᠢᠯᠡᠭᠡᠨ᠎ᠤ ᠥᠭᠦᠯᠡᠯ᠂ 20 ᠭᠠᠷᠤᠢ ᠤᠨᠤᠯ᠎ᠤᠨ ᠵᠣᠬᠢᠶᠠᠯ ᠨᠡᠢ᠌ᠲᠡᠯᠡᠭᠦᠯᠵᠡᠢ᠃ ᠡᠭᠦᠨ᠎ᠳᠤ ᠨᠠᠢ᠌ᠷᠠᠭᠤᠯᠤᠨ ᠪᠢᠴᠢᠭᠰᠡᠨ 《ᠳᠤᠮᠳᠠᠳᠤ ᠤᠯᠤᠰ᠎ᠤᠨ ᠡᠷᠲᠡᠨ᠎ᠤ ᠤᠮᠠᠷᠠᠲᠤ ᠵᠢᠨ ᠦᠨᠳᠦᠰᠦᠲᠡᠨ᠎ᠤ ᠲᠡᠦᠬᠡ》 (ᠠᠷᠪᠠᠨ ᠪᠤᠳᠢ)᠎ᠨᠢ 《ᠭᠦᠸᠧ ᠮᠦᠸᠸ ᠿᠦᠸᠸ ᠵᠢᠨ ᠳᠤᠮᠳᠠᠳᠤ ᠤᠯᠤᠰ᠎ᠤᠨ ᠲᠡᠦᠬᠡ ᠵᠢᠨ ᠤᠬᠠᠭ᠋ᠠᠨ᠎ᠤ ᠱᠠᠩᠨᠠᠯ》᠎ᠤᠨ ᠡᠷᠳᠡᠮ ᠰᠢᠨᠵᠢᠯᠡᠭᠡᠨ᠎ᠤ ᠰᠢᠯᠢᠳᠡᠭ ᠪᠦᠲᠦᠭᠡᠯ᠎ᠤᠨ ᠱᠠᠩᠨᠠᠯ᠎ᠳᠤ ᠨᠡᠷ᠎ᠡ ᠳᠤᠷᠠᠳᠤᠭᠳᠠᠭᠰᠠᠨ ᠱᠠᠩᠨᠠᠯ᠎ᠢ ᠭᠥᠷᠳᠡᠵᠦ᠂ 3 ᠡᠷᠳᠡᠮ ᠰᠢᠨᠵᠢᠯᠡᠭᠡᠨ᠎ᠤ ᠪᠦᠲᠦᠭᠡᠯ᠎ᠨᠢ ᠰᠤᠷᠭ᠋ᠠᠨ ᠬᠥᠮᠦᠵᠢᠯ᠎ᠤᠨ ᠶᠠᠮᠤᠨ᠎ᠤ ᠬᠦᠮᠦᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠣᠶᠠᠳᠤᠭ᠋ᠠᠷ ᠳᠡᠰ᠎ᠤᠨ ᠱᠠᠩᠨᠠᠯ᠎ᠢ ᠭᠥᠷᠳᠡᠭᠰᠡᠨ ᠪᠠᠢ᠌ᠨ᠎ᠠ᠃
ᠳᠥᠷᠪᠡ᠂ ᠴᠢᠳᠠᠪᠤᠷᠢᠲᠠᠨ ᠬᠥᠮᠥᠵᠢᠭᠦᠯᠬᠦ ᠠᠵᠢᠯ᠎ᠢ ᠤᠯᠠᠮ ᠰᠢᠰᠲ᠋ᠧᠮ᠎ᠲᠠᠢ ᠪᠤᠯᠭ᠋ᠠᠪᠠ᠃ ᠰᠠᠭᠤᠷᠢᠨ ᠭᠠᠵᠠᠷ᠎ᠲᠤ ᠠᠰᠫᠢᠷᠠᠨᠲ᠂ ᠳ᠋ᠣᠺᠲ᠋ᠣᠷᠠᠨᠲ᠎ᠤᠨ ᠰᠤᠳᠤᠯᠬᠤ ᠰᠤᠷᠤᠭᠴᠢ ᠵᠢᠨ ᠲᠤᠰᠠᠭ᠋ᠠᠷ ᠰᠣᠷᠣᠭᠴᠢ ᠡᠯᠰᠡᠬᠦ ᠨᠢᠭᠡᠴᠢ ᠪᠠᠢ᠌ᠭᠤᠯᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ ᠬᠢᠭᠡᠳ ᠦᠨᠳᠦᠰᠦᠲᠡᠨ᠎ᠤ ᠲᠥᠷᠥ ᠵᠢᠨ ᠪᠣᠳᠣᠯᠭ᠎ᠠ᠂ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ᠂ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠠᠵᠤ ᠠᠬᠤᠢ ᠵᠡᠷᠭᠡ ᠭᠤᠷᠪᠠᠨ ᠴᠢᠭᠯᠡᠯ ᠵᠶ᠋ᠡᠷ ᠰᠣᠷᠣᠭᠴᠢ ᠡᠯᠰᠡᠪᠡ᠃ 2020 ᠣᠨ᠎ᠠᠴᠠ ᠨᠠᠭ᠋ᠠᠰᠢ᠂ ᠰᠠᠭᠤᠷᠢᠨ ᠭᠠᠵᠠᠷ᠎ᠲᠤ ᠳ᠋ᠣᠺᠲ᠋ᠣᠷᠠᠨᠲ᠎ᠤᠨ ᠰᠤᠳᠤᠯᠬᠤ ᠰᠤᠷᠤᠭᠴᠢ 11 ᠬᠦᠮᠦᠨ᠂ ᠠᠰᠫᠢᠷᠠᠨᠲ ᠤᠨ ᠰᠤᠳᠤᠯᠬᠤ ᠰᠤᠷᠤᠭᠴᠢ 50 ᠬᠦᠮᠦᠨ ᠡᠯᠰᠡᠵᠡᠢ᠃
ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠨᠢ ᠰᠢᠨᠵᠢᠯᠡᠭᠡᠨ᠎ᠤ ᠰᠠᠯᠠᠭ᠎ᠠ ᠠᠯᠤᠰᠯᠠᠨ ᠬᠠᠮᠵᠢᠯᠴᠠᠵᠦ ᠰᠢᠨ᠎ᠡ ᠵᠢ ᠡᠭᠦᠳᠬᠦ ᠵᠢ ᠠᠬᠢᠭᠤᠯᠵᠤ᠂ ᠨᠠᠩ ᠣᠯᠠᠨ ᠥᠨᠳᠥᠷ ᠲᠦᠪᠰᠢᠨ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠳᠠ ᠵᠢᠨ ᠮᠡᠳᠡᠭᠦᠯᠦᠯᠲᠡ ᠵᠢ ᠭᠠᠷᠭ᠋ᠠᠵᠤ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠴᠢᠳᠠᠪᠤᠷᠢ ᠪᠠ ᠰᠤᠳᠤᠯᠭ᠋ᠠᠨ᠎ᠤ ᠲᠦᠪᠰᠢᠨ ᠵᠶ᠋ᠡᠨ ᠲᠠᠰᠤᠷᠠᠯᠲᠠ ᠦᠭᠡᠢ ᠲᠡᠭᠡᠭᠰᠢᠯᠡᠬᠦᠯᠵᠦ᠂ ᠢᠯᠡ ᠲᠣᠳᠣ ᠣᠨᠴᠠᠯᠢᠭ᠎ᠲᠠᠢ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠴᠢᠬᠤᠯᠠ ᠨᠥᠯᠥᠭᠡᠯᠡᠬᠦ ᠬᠦᠴᠦᠨ᠎ᠲᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ᠎ᠢ ᠪᠦᠳᠦᠭᠡᠨ ᠪᠠᠢ᠌ᠭᠤᠯᠬᠤ᠎ᠪᠠᠷ ᠴᠢᠷᠮᠠᠢ᠌ᠵᠤ᠂ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠬᠤ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠵᠢᠯ᠎ᠤᠨ ᠣᠶᠤᠨ᠎ᠤ ᠬᠥᠮᠥᠷᠭᠡ ᠵᠢ ᠪᠦᠷᠢᠯᠳᠦᠬᠦᠯᠬᠦ ᠪᠤᠯᠤᠨ᠎ᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠤᠤᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ