ᠬᠥᠯᠥᠨ ᠪᠤᠶ᠋ᠢᠷ ᠬᠤᠲᠠ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠰᠢᠯᠵᠢᠭᠦᠯᠦᠨ ᠠᠵᠢᠯ ᠣᠯᠬᠤ ᠵᠢ᠎ᠨᠢ ᠠᠬᠢᠭᠤᠯᠵᠤ ᠪᠠᠶ᠋ᠢᠨ᠎ᠠ᠃ 《ᠮᠠᠯ ᠠᠵᠤ ᠠᠬᠤᠶ + ᠵᠢᠭᠤᠯᠴᠢᠯᠠᠯ》᠎ᠤᠨ ᠡᠵᠡᠩᠨᠡᠯᠲᠡ ᠵᠢᠨ ᠬᠡᠪ ᠵᠠᠭᠪᠤᠷ᠂ ᠮᠠᠯ ᠠᠵᠤ ᠠᠬᠤᠶ ᠵᠢᠨ ᠰᠢᠨ᠎ᠡ ᠡᠵᠡᠩᠨᠡᠯᠲᠡ ᠵᠢᠨ ᠪᠠᠶ᠋ᠢᠳᠠᠯ ᠵᠢᠴᠢ ᠡᠯᠧᠺᠳ᠋ᠷᠣᠨ ᠬᠤᠳᠠᠯᠳᠤᠭ᠎ᠠ ᠵᠡᠷᠭᠡ ᠠᠵᠤ ᠦᠢ᠍ᠯᠡᠰ᠎ᠢ ᠰᠦᠪᠡᠭᠴᠢᠯᠡᠨ ᠬᠥᠭᠵᠢᠭᠦᠯᠵᠦ᠂ ᠮᠠᠯᠵᠢᠬᠤ ᠣᠷᠣᠨ᠎ᠤ ᠰᠢᠨ᠎ᠡ ᠨᠢᠭᠡᠨ ᠦᠶ᠎ᠡ ᠵᠢᠨ ᠮᠠᠯᠴᠢᠳ᠎ᠤᠨ ᠨᠤᠲᠤᠭ ᠤᠰᠤᠨ᠎ᠳᠤ᠎ᠪᠠᠨ ᠠᠵᠢᠯ ᠣᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠪᠠ᠃ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ (ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠎ᠠ) ᠵᠡᠷᠭᠡ ᠵᠢ ᠠᠰᠢᠭᠯᠠᠨ 33 ᠭᠠᠵᠠᠷ ᠣᠷᠣᠨ᠎ᠯᠤᠭ᠎ᠠ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠬᠠᠷᠢᠴᠠᠭ᠎ᠠ ᠪᠠᠶ᠋ᠢᠭᠤᠯᠵᠤ᠂ ᠲᠠᠷᠢᠶᠠᠴᠢᠳ᠎ᠲᠤ ᠳᠥᠭᠦᠮ ᠳᠥᠲᠡ ᠠᠵᠢᠯ ᠡᠷᠢᠬᠦ ᠠᠷᠭ᠎ᠠ ᠵᠠᠮ ᠬᠠᠩᠭ᠋ᠠᠪᠠ᠃ ᠣᠳᠣᠬᠠᠨ ᠪᠣᠯᠲᠠᠯ᠎ᠠ᠂ ᠪᠥᠬᠦ ᠬᠤᠲᠠ᠎ᠳᠤ 6.8 ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠰᠢᠯᠵᠢᠭᠦᠯᠦᠨ ᠠᠵᠢᠯ ᠣᠯᠭᠤᠵᠤ᠂ 2025 ᠣᠨ᠎ᠤ ᠬᠠᠷᠠᠯᠲᠠ ᠡᠭᠦᠷᠭᠡ᠎ᠪᠠᠨ 115.34% ᠪᠡᠶᠡᠯᠡᠭᠦᠯᠪᠡ᠃ (ᠬᠦᠯᠦᠨ ᠪᠤᠶ᠋ᠢᠷ ᠬᠤᠳᠠ ᠵᠢᠨ ᠵᠠᠰᠠᠭ᠎ᠤᠨ ᠤᠷᠳᠤᠨ)