《ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠷ ᠪᠢᠴᠢᠭ᠎ᠢ ᠡᠮᠬᠢᠳᠬᠡᠵᠦ ᠬᠡᠪᠯᠡᠭᠦᠯᠬᠦ ᠰᠢᠷᠢᠰ ᠨᠤᠮ》᠎ᠤᠨ ᠠᠩᠬᠠᠨ᠎ᠤ ᠪᠦᠯᠦᠭ᠎ᠤᠨ ᠥᠪᠥᠷ ᠮᠣᠩᠭᠣᠯ᠎ᠤᠨ ᠲᠤᠷᠰᠢᠯᠲᠠ ᠵᠢᠨ ᠴᠡᠭ᠎ᠤᠨ ᠳᠥᠷᠦᠯ ᠵᠦᠢ᠍ᠯ᠎ᠤᠨ ᠦᠷ᠎ᠡ ᠪᠦᠲᠦᠭᠡᠯ ᠪᠤᠯᠬᠤ ᠲᠣᠳᠣ ᠥᠰᠥᠭ᠎ᠤᠨ 《ᠪᠠᠷᠠᠭᠤᠨᠰᠢ ᠵᠣᠷᠴᠢᠭᠰᠠᠨ ᠲᠡᠮᠳᠡᠭᠯᠡᠯ》᠎ᠢ ᠵᠢᠩᠬᠢᠨᠢ᠎ᠪᠠᠷ ᠬᠡᠪᠯᠡᠭᠦᠯᠦᠨ ᠲᠠᠷᠬᠠᠭ᠋ᠠᠬᠤ ᠲᠠᠰᠢᠷᠠᠮ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ ᠭᠣᠣᠯᠯᠠᠨ ᠡᠷᠬᠢᠯᠡᠵᠦ᠂ ᠦᠨᠳᠦᠰᠦᠲᠡᠨ᠎ᠤ ᠬᠡᠪᠯᠡᠯ᠎ᠤᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠨᠣᠮ᠎ᠤᠨ ᠰᠠᠩ᠂ ᠥᠪᠥᠷ ᠮᠣᠩᠭᠣᠯ᠎ᠤᠨ ᠰᠣᠶᠣᠯ᠎ᠤᠨ ᠬᠡᠪᠯᠡᠯ᠎ᠤᠨ ᠬᠣᠷᠢᠶ᠎ᠠ᠂ ᠭᠤᠸᠠᠩᠰᠢ ᠵᠢᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠡᠪᠯᠡᠯ᠎ᠤᠨ ᠬᠣᠷᠢᠶ᠎ᠠ (ᠥᠪᠥᠷ ᠮᠣᠩᠭᠣᠯ) ᠵᠢᠨ ᠬᠢᠵᠠᠭ᠋ᠠᠷᠲᠤ ᠺᠣᠮᠫᠠᠨᠢ᠎ᠠᠴᠠ ᠬᠠᠮᠵᠢᠯᠴᠠᠨ ᠡᠷᠭᠢᠯᠡᠭᠰᠡᠨ 《ᠳᠥᠷᠪᠡᠨ ᠰᠤᠩᠭᠤᠳᠠᠭ ᠪᠦᠳᠦᠬᠡᠯ》᠎ᠤᠨ ᠣᠯᠠᠨ ᠦᠨᠳᠦᠰᠦᠲᠡᠨ᠎ᠤ ᠬᠡᠯᠡᠨ᠎ᠳᠠᠬᠢ ᠣᠷᠴᠢᠭᠤᠯᠭ᠎ᠠ ᠲᠠᠨᠢᠯᠴᠠᠭᠤᠯᠭ᠎ᠠ ᠪᠠ ᠲᠠᠷᠬᠠᠯᠲᠠ ᠵᠢᠨ ᠰᠤᠳᠤᠯᠤᠨ ᠶᠠᠷᠢᠯᠴᠠᠬᠤ ᠬᠤᠷᠠᠯ ᠵᠢᠴᠢ ᠰᠤᠳᠤᠷ ᠪᠢᠴᠢᠭ᠎ᠢ ᠡᠮᠬᠢᠳᠬᠡᠨ ᠬᠡᠪᠯᠡᠭᠦᠯᠦᠭᠰᠡᠨ ᠦᠷ᠎ᠡ ᠪᠦᠲᠦᠭᠡᠯ᠎ᠤᠨ ᠠᠩᠬᠠᠨ᠎ᠤ ᠲᠠᠷᠬᠠᠯᠲᠠ ᠵᠢᠨ ᠶᠣᠰᠣᠯᠠᠯ 2023 ᠣᠨ᠎ᠤ 12 ᠳ᠋ᠤᠭ᠋ᠠᠷ ᠰᠠᠷ᠎ᠠ ᠵᠢᠨ 2᠎ᠤᠨ ᠡᠳᠦᠷ ᠬᠥᠬᠡᠬᠣᠲᠠ᠎ᠳᠤ ᠶᠠᠪᠤᠭᠳᠠᠪᠠ᠃ ᠪᠡᠭᠡᠵᠢᠩ ᠶᠡᠬᠡ ᠰᠤᠷᠭ᠋ᠠᠭᠤᠯᠢ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠪᠤᠯᠤᠨ ᠬᠠᠮᠢᠶ᠎ᠠ ᠪᠥᠬᠥᠶ ᠨᠣᠮ᠎ᠤᠨ ᠰᠠᠩ ᠵᠢᠴᠢ ᠬᠠᠮᠢᠶ᠎ᠠ ᠪᠥᠬᠥᠶ ᠬᠡᠪᠯᠡᠯ᠎ᠤᠨ ᠬᠣᠷᠢᠶᠠᠨ᠎ᠤ ᠠᠵᠢᠯᠳᠠᠳ 30 ᠭᠠᠷᠤᠶ ᠬᠥᠮᠦᠨ ᠣᠷᠣᠯᠴᠠᠵᠠᠶ᠃
ᠲᠣᠰ ᠤᠳᠠᠭ᠋ᠠᠨ᠎ᠤ ᠶᠠᠷᠢᠯᠴᠠᠬᠤ ᠬᠤᠷᠠᠯ ᠪᠠ ᠠᠩᠬᠠᠨ᠎ᠤ ᠲᠠᠷᠬᠠᠯᠲᠠ ᠵᠢᠨ ᠶᠣᠰᠣᠯᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠤᠳᠤᠷ ᠪᠢᠴᠢᠭ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠰᠤᠳᠤᠷ ᠪᠢᠴᠢᠭ᠎ᠤᠨ ᠠᠵᠢᠯ᠎ᠢ ᠠᠬᠢᠭᠤᠯᠬᠤ ᠲᠤᠬᠠᠶ ᠰᠠᠨᠠᠯ》᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ᠎ᠤᠨ ᠲᠤᠭᠤᠷᠢᠨ᠎ᠳᠤ᠂ ᠡᠯ᠎ᠡ ᠡᠲᠡᠭᠡᠳ᠎ᠤᠨ ᠡᠷᠴᠢᠮ ᠬᠦᠴᠦᠨ᠎ᠢ ᠥᠷᠭᠡᠨ ᠵᠶ᠋ᠡᠷ ᠳᠠᠢ᠌ᠴᠢᠯᠠᠵᠤ᠂ ᠡᠯ᠎ᠡ ᠲᠠᠯ᠎ᠠ ᠵᠢᠨ ᠣᠶᠤᠨ ᠤᠬᠠᠭ᠋ᠠᠨ᠎ᠢ ᠨᠢᠭᠲᠠᠷᠠᠭᠤᠯᠵᠤ᠂ ᠦᠨᠳᠦᠰᠦᠲᠡᠨ᠎ᠤ ᠰᠤᠳᠤᠷ ᠪᠢᠴᠢᠭ᠎ᠢ ᠴᠤᠭᠯᠠᠭᠤᠯᠤᠨ ᠡᠮᠬᠢᠳᠬᠡᠬᠦ ᠪᠠ ᠰᠤᠳᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠦᠨᠡᠨ᠎ᠢ ᠤᠯᠠᠮ ᠨᠢᠭᠡ ᠠᠯᠬᠤᠮ ᠠᠭᠤᠳᠠᠯᠵᠤ᠂ ᠲᠠᠨᠢᠯᠲᠠ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠯ ᠰᠠᠨᠠᠭ᠎ᠠ᠎ᠪᠠᠨ ᠨᠢᠭᠡᠳᠬᠡᠬᠦ᠎ᠪᠠᠷ ᠵᠤᠷᠢᠯᠭ᠎ᠠ᠎ᠪᠠᠨ ᠪᠤᠯᠭ᠋ᠠᠵᠠᠢ᠃
ᠶᠠᠷᠢᠯᠴᠠᠬᠤ ᠬᠤᠷᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠡᠷᠬᠢᠯᠡᠭᠴᠢ ᠰᠣᠶᠣᠯᠲᠤ ᠡᠷᠬᠢᠯᠡᠵᠦ᠂ ᠲᠤᠯᠤᠭ᠋ᠠᠨ ᠲᠤᠰᠬᠠᠶ ᠮᠡᠷᠭᠡᠵᠢᠯᠲᠡᠨ᠎ᠠᠴᠠ 《ᠳᠥᠷᠪᠡᠨ ᠰᠤᠩᠭᠤᠳᠠᠭ ᠪᠦᠲᠦᠭᠡᠯ》᠎ᠤᠨ ᠮᠣᠩᠭᠣᠯ ᠬᠡᠯᠡ᠂ ᠮᠠᠨᠵᠤ ᠬᠡᠯᠡ᠂ ᠳᠠᠭᠤᠷ ᠬᠡᠯᠡ ᠵᠡᠷᠭᠡ ᠣᠯᠠᠨ ᠦᠨᠳᠦᠰᠦᠲᠡᠨ᠎ᠤ ᠬᠡᠯᠡᠨ᠎ᠳᠠᠬᠢ ᠣᠷᠴᠢᠭᠤᠯᠭ᠎ᠠ ᠵᠢᠨ ᠳᠡᠪᠲᠡᠷ᠎ᠤᠨ ᠰᠤᠳᠤᠯᠭ᠋ᠠᠨ ᠵᠢᠴᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠳᠠᠯᠢ ᠪᠤᠰᠤ᠎ᠪᠠᠷ ᠬᠡᠪᠯᠡᠯ᠎ᠤᠨ ᠲᠠᠷᠬᠠᠨ ᠤᠯᠠᠮᠵᠢᠯᠠᠭᠳᠠᠭᠰᠠᠨ ᠪᠠᠢ᠌ᠳᠠᠯ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠪᠠ᠃ ᠪᠡᠭᠡᠵᠢᠩ ᠶᠡᠬᠡ ᠰᠤᠷᠭ᠋ᠠᠭᠤᠯᠢ ᠵᠢᠨ ᠭᠠᠳᠠᠭ᠋ᠠᠳᠤ ᠬᠡᠯᠡᠨ᠎ᠤ ᠳᠡᠭᠡᠳᠦ ᠰᠤᠷᠭ᠋ᠠᠭᠤᠯᠢ ᠵᠢᠨ ᠠᠽᠢᠶ᠎ᠠ ᠠᠹᠷᠢᠺᠠ ᠵᠢᠨ ᠰᠠᠯᠪᠤᠷᠢ ᠵᠢᠨ ᠮᠣᠩᠭᠣᠯ ᠬᠡᠯᠡᠨ᠎ᠤ ᠲᠤᠰᠬᠠᠶ ᠮᠡᠷᠭᠡᠵᠢᠯ᠎ᠤᠨ ᠫᠷᠤᠹᠧᠰᠰᠤᠷ᠂ ᠳ᠋ᠣᠺᠲ᠋ᠣᠷᠠᠨᠲ᠎ᠤᠨ ᠵᠢᠯᠤᠭᠤᠳᠤᠭᠴᠢ ᠪᠠᠭᠰᠢ ᠴᠧᠨ ᠭᠠᠩ ᠯᠦᠩ ᠫᠷᠤᠹᠧᠰᠰᠤᠷ᠎ᠠᠴᠠ 《ᠰᠢᠨ᠎ᠡ᠎ᠪᠠᠷ ᠣᠷᠴᠢᠭᠤᠯᠤᠭᠰᠠᠨ ᠤᠯᠠᠭ᠋ᠠᠨ ᠠᠰᠠᠷ᠎ᠤᠨ ᠵᠡᠭᠦᠳᠦᠨ》᠎ᠤ ᠣᠷᠴᠢᠭᠤᠯᠭ᠎ᠠ ᠪᠠ ᠬᠠᠭᠤᠯᠪᠤᠷᠢ ᠳᠡᠪᠲᠡᠷ᠎ᠤᠨ ᠰᠤᠳᠤᠯᠤᠯ; ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠫᠷᠤᠹᠧᠰᠰᠤᠷ᠂ ᠳ᠋ᠣᠺᠲ᠋ᠣᠷᠠᠨᠲ᠎ᠤᠨ ᠵᠢᠯᠣᠭᠣᠳᠣᠭᠴᠢ ᠪᠠᠭᠰᠢ ᠶᠸᠷᠳᠠᠠᠴᠠ ᠲᠣᠳᠣ ᠥᠰᠥᠭ᠎ᠤᠨ ᠰᠤᠷᠪᠤᠯᠵᠢ ᠪᠢᠴᠢᠭ᠎ᠢ ᠴᠤᠭᠯᠠᠭᠤᠯᠤᠨ ᠡᠮᠬᠢᠳᠬᠡᠬᠦ ᠵᠢᠨ ᠴᠠᠭ ᠦᠶ᠎ᠡ ᠵᠢᠨ ᠦᠨ᠎ᠡ ᠥᠷᠲᠡᠭ; ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠰᠤᠳᠤᠯᠤᠭᠴᠢ ᠪᠠᠶᠠᠷᠲᠤ᠎ᠠᠴᠠ ᠮᠠᠨᠵᠤ ᠬᠡᠯᠡᠨ᠎ᠤ 《ᠭᠤᠷᠪᠠᠨ ᠤᠯᠤᠰ᠎ᠤᠨ ᠦᠯᠢᠭᠡᠷ᠎ᠤᠨ ᠬᠢᠯᠪᠠᠷᠴᠢᠯᠠᠭᠰᠠᠨ ᠦᠯᠢᠭᠡᠷ》᠎ᠤᠨ ᠰᠤᠳᠤᠯᠤᠯ; ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠳ᠋ᠠᠢ᠌ᠲ᠋ᠠ ᠰᠦᠯᠵᠢᠶᠡᠨ᠎ᠤ ᠲᠠᠰᠤᠭ᠎ᠤᠨ ᠳᠡᠳ᠋ ᠡᠷᠬᠢᠯᠡᠭᠴᠢ᠂ ᠳᠡᠳ᠋ ᠰᠤᠳᠤᠯᠤᠭᠴᠢ ᠡᠦ ᠭᠠᠩ᠎ᠠᠴᠠ 《ᠭᠤᠷᠪᠠᠨ ᠤᠯᠤᠰ᠎ᠤᠨ ᠦᠯᠢᠭᠡᠷ》᠎ᠤᠨ ᠮᠠᠨᠵᠤ ᠬᠡᠯᠡᠨ᠎ᠤ ᠣᠷᠴᠢᠭᠤᠯᠭ᠎ᠠ ᠵᠢᠨ ᠳᠡᠪᠲᠡᠷ᠎ᠤᠨ ᠳᠠᠭᠤᠷ ᠦᠨᠳᠦᠰᠦᠲᠡᠨ᠎ᠤ ᠳᠤᠮᠳᠠᠬᠢ ᠳᠠᠷᠬᠠᠯᠳᠠ; ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠮᠣᠩᠭᠣᠯ ᠰᠤᠳᠤᠯᠤᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ᠂ ᠫᠷᠤᠹᠧᠰᠰᠤᠷ᠂ ᠳ᠋ᠣᠺᠲ᠋ᠣᠷᠠᠨᠲ᠎ᠤᠨ ᠵᠢᠯᠤᠭᠤᠳᠤᠭᠴᠢ ᠪᠠᠭᠰᠢ ᠵᠢᠤᠢ ᠪᠤᠤ᠎ᠠᠴᠠ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠬᠠᠳᠠᠭ᠋ᠠᠯᠠᠭᠳᠠᠵᠤ ᠪᠠᠢ᠌ᠭ᠎ᠠ 《ᠭᠤᠷᠪᠠᠨ ᠤᠯᠤᠰ᠎ᠤᠨ ᠦᠯᠢᠭᠡᠷ᠎ᠤᠨ ᠬᠢᠯᠪᠠᠷᠴᠢᠯᠠᠭᠰᠠᠨ ᠦᠯᠢᠭᠡᠷ》᠎ᠤᠨ ᠮᠣᠩᠭᠣᠯ ᠣᠷᠴᠢᠭᠤᠯᠭ᠎ᠠ ᠵᠢᠨ ᠳᠡᠪᠲᠡᠷ᠎ᠤᠨ ᠰᠤᠳᠤᠯᠤᠯ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠤᠰᠠᠯᠠᠭᠴᠢ ᠰᠤᠳᠤᠯᠤᠭᠴᠢ ᠹᠧᠩ ᠴᠢᠤᠸᠠᠨ᠎ᠠᠴᠠ 《ᠪᠠᠷᠠᠭᠤᠨᠰᠢ ᠵᠣᠷᠴᠢᠭᠰᠠᠨ ᠲᠡᠮᠳᠡᠭᠯᠡᠯ》᠎ᠤᠨ ᠪᠠᠷᠠᠭᠤᠨ ᠬᠢᠵᠠᠭ᠋ᠠᠷ ᠣᠷᠣᠨ ᠵᠶ᠋ᠠᠷ ᠲᠠᠷᠬᠠᠨ ᠤᠯᠠᠮᠵᠢᠯᠠᠭᠳᠠᠭᠰᠠᠨ ᠲᠡᠦᠬᠡᠨ ᠶᠠᠪᠤᠴᠠ; ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠮᠣᠩᠭᠣᠯ ᠰᠤᠳᠤᠯᠤᠯ᠎ᠤᠨ ᠳᠡᠭᠡᠳᠦ ᠰᠤᠷᠭ᠋ᠠᠭᠤᠯᠢ ᠵᠢᠨ ᠳ᠋ᠣᠺᠲ᠋ᠣᠷᠠᠨᠲ ᠴᠢ ᠵᠢᠶ᠎ᠠᠴᠠ 《ᠱᠦᠶ ᠬᠤ᠌ ᠵᠢᠨ ᠥᠯᠢᠭᠡᠷ》᠎ᠤᠨ ᠮᠣᠩᠭᠣᠯ ᠦᠨᠳᠦᠰᠦᠲᠡᠨ᠎ᠤ ᠳᠤᠮᠳᠠᠬᠢ ᠣᠷᠴᠢᠭᠤᠯᠭ᠎ᠠ ᠲᠠᠨᠢᠯᠴᠠᠭᠤᠯᠭ᠎ᠠ ᠪᠠ ᠲᠠᠷᠬᠠᠯᠲᠠ ᠭᠡᠬᠦ ᠵᠡᠷᠭᠡ ᠰᠡᠳᠦᠪ ᠵᠶ᠋ᠡᠷ ᠢᠯᠡᠳᠬᠡᠯ ᠬᠢᠵᠡᠭᠡᠵᠡᠢ᠃
ᠭᠣᠤᠯᠳᠠᠯᠭ᠎ᠠ᠎ᠲᠠᠢ ᠰᠤᠳᠤᠷ ᠪᠢᠴᠢᠭ᠎ᠢ ᠡᠮᠬᠢᠳᠬᠡᠨ ᠬᠡᠪᠯᠡᠭᠦᠯᠦᠭᠰᠡᠨ ᠦᠷ᠎ᠡ ᠪᠦᠲᠦᠭᠡᠯ᠎ᠢ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠡᠬᠢ ᠰᠤᠷᠪᠤᠯᠵᠢ ᠪᠣᠯᠭ᠋ᠠᠬᠤ ᠵᠢᠨ ᠲᠤᠰᠠᠳᠠ᠂ ᠲᠤᠰ ᠡᠳᠦᠷ ᠪᠠᠰᠠ ᠭᠣᠤᠯᠳᠠᠯᠭ᠎ᠠ᠎ᠲᠠᠢ ᠰᠤᠳᠤᠷ ᠪᠢᠴᠢᠭ᠎ᠢ ᠡᠮᠬᠢᠳᠬᠡᠨ ᠬᠡᠪᠯᠡᠭᠦᠯᠦᠭᠰᠡᠨ ᠦᠷ᠎ᠡ ᠪᠦᠲᠦᠭᠡᠯ 《ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠷ ᠪᠢᠴᠢᠭ᠎ᠢ ᠡᠮᠬᠢᠳᠬᠡᠵᠦ ᠬᠡᠪᠯᠡᠭᠦᠯᠬᠦ ᠰᠢᠷᠢᠰ ᠨᠤᠮ》᠎ᠤᠨ ᠳᠤᠳᠤ ᠦᠰᠦᠭ᠎ᠤᠨ 《ᠪᠠᠷᠠᠭᠤᠨᠰᠢ ᠵᠣᠷᠴᠢᠭᠰᠠᠨ ᠲᠡᠮᠳᠡᠭᠯᠡᠯ》᠎ᠢ ᠠᠩᠬ᠎ᠠ ᠲᠠᠷᠬᠠᠭ᠋ᠠᠬᠤ ᠶᠣᠰᠣᠯᠠᠯ᠎ᠢ ᠶᠠᠪᠤᠭᠳᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ ᠯᠢ ᠯᠢᠠᠴᠠ ᠶᠤᠰᠤᠯᠠᠯ᠎ᠢ ᠡᠷᠬᠢᠯᠡᠵᠦ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠣᠷ ᠪᠢᠴᠢᠭ᠎ᠢ ᠡᠮᠬᠢᠳᠬᠡᠨ ᠰᠤᠳᠤᠯᠬᠤ ᠲᠠᠰᠤᠭ᠎ᠤᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠳᠠᠷᠤᠭ᠎ᠠ ᠶᠠᠩ ᠱᠦᠸᠸ ᠬᠤᠷᠠᠯ᠎ᠳᠤ ᠤᠷᠤᠯᠴᠠᠵᠤ ᠶᠠᠷᠢᠶ᠎ᠠ ᠲᠠᠯᠪᠢᠵᠤ᠂ ᠦᠨᠳᠦᠰᠦᠲᠡᠨ᠎ᠤ ᠬᠡᠪᠯᠡᠯ᠎ᠤᠨ ᠬᠣᠷᠢᠶ᠎ᠠ ᠵᠢᠨ ᠮᠣᠩᠭᠣᠯ ᠬᠡᠯᠡᠨ᠎ᠤ ᠨᠠᠢ᠌ᠷᠠᠭᠤᠯᠬᠤ ᠲᠠᠰᠤᠭ᠎ᠤᠨ ᠳᠡᠳ᠋ ᠡᠷᠬᠢᠯᠡᠭᠴᠢ ᠨᠠᠢ᠌ᠷᠠᠭᠤᠯᠤᠭᠴᠢ ᠬᠥᠭᠵᠢᠯ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠨᠣᠮ᠎ᠤᠨ ᠰᠠᠩ᠎ᠤᠨ ᠳᠡᠳ᠋ ᠳᠠᠷᠤᠭ᠎ᠠ ᠯᠢ ᠬᠤᠸᠠ ᠨᠠᠷ ᠲᠤᠰ ᠲᠤᠰ ᠬᠠᠮᠢᠶ᠎ᠠ ᠪᠥᠬᠥᠶ ᠪᠠᠢ᠌ᠳᠠᠯ᠎ᠢ ᠲᠠᠨᠢᠯᠴᠠᠭᠤᠯᠤᠭᠰᠠᠨᠤ ᠳᠠᠷᠠᠭ᠎ᠠ ᠰᠢᠨ᠎ᠡ ᠨᠣᠮ ᠪᠢᠴᠢᠭ ᠬᠠᠨᠳᠢᠪᠯᠠᠬᠤ ᠶᠣᠰᠣᠯᠠᠯ ᠶᠠᠪᠤᠭᠤᠯᠪᠠ᠃
ᠲᠣᠳᠣ ᠥᠰᠥᠭ᠎ᠤᠨ 《ᠪᠠᠷᠠᠭᠤᠨᠰᠢ ᠵᠣᠷᠴᠢᠭᠰᠠᠨ ᠲᠡᠮᠳᠡᠭᠯᠡᠯ》᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠨᠣᠮ᠎ᠤᠨ ᠰᠠᠩ᠎ᠠᠴᠠ ᠬᠠᠮᠲᠤᠷᠠᠨ ᠨᠠᠢ᠌ᠷᠠᠭᠤᠯᠵᠤ᠂ ᠭᠤᠸ᠎ᠠ᠂ ᠯᠢ ᠯᠢ ᠡᠮᠬᠢᠳᠬᠡᠵᠦ᠂ ᠶᠸᠷᠳᠠ ᠫᠷᠤᠹᠧᠰᠰᠤᠷ ᠵᠢᠭ᠋ᠠᠨ ᠵᠢᠯᠣᠭᠣᠳᠴᠤ᠂ ᠦᠨᠳᠦᠰᠦᠲᠡᠨ᠎ᠤ ᠬᠡᠪᠯᠡᠯ᠎ᠤᠨ ᠬᠣᠷᠢᠶ᠎ᠠ᠎ᠠᠴᠠ ᠬᠡᠪᠯᠡᠭᠰᠡᠨ ᠣᠢ᠌ᠷᠠᠳ ᠮᠣᠩᠭᠣᠯᠴᠤᠳ᠎ᠤᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ᠎ᠠᠴᠠ ᠥᠨᠥ ᠪᠣᠯᠲᠠᠯ᠎ᠠ ᠢᠯᠡᠷᠡᠭᠦᠯᠦᠭᠰᠡᠨ ᠴᠤᠷᠢ ᠵᠢᠨ ᠭᠠᠭᠴᠠ ᠳᠥᠷᠪᠡᠨ ᠰᠤᠩᠭᠤᠳᠠᠭ ᠪᠦᠲᠦᠭᠡᠯ᠎ᠤᠨ ᠮᠣᠩᠭᠣᠯ ᠬᠡᠯᠡᠨ᠎ᠤ ᠬᠣᠪᠣᠷ ᠨᠠᠨᠳᠢᠨ ᠬᠡᠪᠯᠡᠯ ᠪᠤᠯᠬᠤ ᠪᠥᠭᠡᠳ 《ᠳᠥᠷᠪᠡᠨ ᠰᠤᠩᠭᠤᠳᠠᠭ ᠪᠦᠲᠦᠭᠡᠯ》᠎ᠢ ᠪᠠᠷᠠᠭᠤᠨ ᠬᠢᠵᠠᠭ᠋ᠠᠷ ᠣᠷᠣᠨ᠎ᠳᠤ ᠲᠠᠷᠬᠠᠨ ᠤᠯᠠᠮᠵᠢᠯᠠᠭᠳᠠᠭᠰᠠᠨ ᠲᠡᠦᠬᠡ ᠵᠢ ᠰᠤᠳᠤᠯᠬᠤ᠎ᠳᠤ ᠵᠣᠬᠢᠬᠤ ᠴᠢᠬᠤᠯᠠ ᠡᠷᠳᠡᠮ ᠰᠢᠨᠵᠢᠯᠡᠭᠡᠨ᠎ᠤ ᠦᠨ᠎ᠡ ᠥᠷᠲᠡᠭ᠎ᠲᠠᠢ ᠶᠤᠮ᠃

ᠣᠷᠴᠢᠭᠤᠯᠤᠭᠴᠢ᠄ ᠣᠶᠤᠨᠰᠡᠴᠡᠨ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠦᠸᠠᠢ ᠳ᠋ᠦᠩ