ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠳᠠᠰᠤᠭ᠎ᠤᠨ ᠨᠠᠮ᠎ᠤᠨ ᠡᠭᠦᠷ 《ᠬᠠᠮᠲᠤ᠎ᠪᠠᠷ ᠰᠤᠷᠤᠯᠴᠠᠨ ᠬᠠᠮᠲᠤ᠎ᠪᠠᠷ ᠪᠠᠢ᠌ᠭᠤᠯᠵᠤ ᠬᠦᠴᠦ᠎ᠪᠠᠨ ᠬᠠᠮᠳᠤᠳᠬᠠᠨ ᠤᠯᠠᠮᠵᠢᠯᠠᠨ ᠵᠠᠯᠭ᠋ᠠᠮᠵᠢᠯᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-12-15

      ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ᠎ᠬᠢᠨ ᠰᠤᠳᠤᠷ ᠪᠢᠴᠢᠭ᠎ᠢ ᠡᠮᠬᠢᠳᠬᠡᠭᠰᠡᠨ ᠦᠷ᠎ᠡ ᠪᠦᠲᠦᠭᠡᠯ᠎ᠢ ᠪᠦᠲᠦᠮᠵᠢᠲᠡᠶ ᠠᠰᠢᠭᠯᠠᠬᠤ ᠵᠢ ᠴᠢᠩᠭ᠋ᠠᠳᠬᠠᠬᠤ ᠵᠢᠨ ᠲᠤᠰᠠᠳᠠ᠂ ᠰᠤᠷᠭ᠋ᠠᠭᠤᠯᠢ᠎ᠠᠴᠠ ᠰᠤᠷᠤᠭᠴᠢᠳ᠎ᠲᠤ ᠰᠤᠳᠤᠷ ᠪᠢᠴᠢᠭ᠎ᠤᠨ ᠡᠬᠢ ᠰᠤᠷᠪᠤᠯᠵᠢ ᠵᠢᠨ ᠦᠢᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ ᠳᠠᠮᠵᠢᠵᠤ᠂ ᠰᠤᠳᠤᠷ ᠪᠢᠴᠢᠭ᠎ᠤᠨ ᠡᠬᠢ ᠰᠤᠷᠪᠤᠯᠵᠢ ᠵᠢ ᠴᠢᠯᠦᠭᠡᠲᠡᠢ ᠬᠤᠪᠢᠶᠠᠯᠴᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃ ᠣᠷᠳᠣᠰ ᠬᠣᠲᠠ ᠵᠢᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ᠂ ᠣᠷᠳᠣᠰ ᠬᠣᠲᠠ ᠵᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ ᠵᠢᠨ ᠨᠠᠮ᠎ᠤᠨ ᠶᠡᠷᠦᠩᠬᠡᠶ ᠡᠭᠦᠷ᠎ᠲᠠᠢ ᠬᠠᠮᠲᠤᠷᠠᠨ 《ᠬᠠᠮᠲᠤ᠎ᠪᠠᠷ ᠰᠤᠷᠤᠯᠴᠠᠨ ᠬᠠᠮᠲᠤ᠎ᠪᠠᠷ ᠪᠠᠢ᠌ᠭᠤᠯᠵᠤ ᠬᠦᠴᠦ᠎ᠪᠠᠨ ᠬᠠᠮᠳᠤᠳᠬᠠᠨ ᠤᠯᠠᠮᠵᠢᠯᠠᠨ ᠵᠠᠯᠭ᠋ᠠᠮᠵᠢᠯᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃

W020231205512088800460.png

      ᠤᠯᠤᠰ᠎ᠤᠨ ᠦᠨᠳᠦᠰᠦᠲᠡᠨ᠎ᠤ ᠵᠥᠪᠯᠡᠯ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠳᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠭᠦᠯᠭᠡ》 ᠵᠢ ᠰᠦᠯᠵᠢᠶᠡᠨ ᠳᠡᠭᠡᠷ᠎ᠡ᠎ᠠᠴᠠ ᠦᠵᠡᠪᠡ

      ᠠᠵᠢᠯᠯᠠᠭ᠋ᠠᠨ᠎ᠤ ᠲᠤᠮᠳᠠ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠳᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠬᠦᠯᠬᠡ》 ᠵᠢ ᠰᠦᠯᠵᠢᠶᠡᠨ ᠳᠡᠭᠡᠷ᠎ᠡ᠎ᠠᠴᠠ ᠦᠵᠡᠵᠦ᠂ ᠣᠷᠳᠣᠰ᠎ᠤᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠎ᠳᠤ ᠰᠤᠳᠤᠷ ᠪᠢᠴᠢᠭ᠎ᠢ ᠡᠮᠬᠢᠳᠬᠡᠨ ᠬᠡᠪᠯᠡᠭᠦᠯᠦᠭᠰᠡᠨ ᠪᠦᠲᠦᠭᠡᠯ 280 ᠭᠠᠷᠤᠶ ᠳᠡᠪᠲᠡᠷ ᠪᠡᠯᠡᠭᠯᠡᠵᠦ᠂ ᠣᠷᠳᠣᠰ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ᠎ᠳᠤ ᠬᠦᠷᠴᠦ 《ᠵᠠᠩᠭ᠋ᠠᠷ》 ᠬᠠᠢ᠌ᠯᠠᠬᠤ ᠲᠣᠭᠯᠠᠯᠲᠠ ᠵᠢ ᠬᠠᠮᠳᠤ᠎ᠪᠠᠷ ᠰᠣᠨᠢᠷᠬᠠᠪᠠ᠃ ᠬᠠᠮᠲᠤ᠎ᠪᠠᠷ ᠰᠤᠷᠤᠯᠴᠠᠵᠤ ᠬᠠᠮᠲᠤ᠎ᠪᠠᠷ ᠪᠠᠢ᠌ᠭᠤᠯᠬᠤ ᠠᠵᠢᠯᠯᠠᠭ᠎ᠠ᠎ᠪᠠᠷ ᠳᠠᠮᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠳᠤᠮᠳᠠᠬᠢ ᠰᠤᠳᠤᠷ ᠪᠢᠴᠢᠭ᠎ᠤᠨ ᠴᠢᠬᠤᠯᠠ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠰᠤᠳᠤᠷ ᠪᠢᠴᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠰᠤᠳᠤᠷ ᠪᠢᠴᠢᠭ᠎ᠢ ᠬᠠᠮᠠᠭ᠋ᠠᠯᠠᠭᠰᠠᠨ ᠦᠷ᠎ᠡ ᠪᠦᠲᠦᠭᠡᠯ᠎ᠤᠨ ᠠᠰᠢᠭᠯᠠᠯᠳᠠ ᠵᠢᠨ ᠠᠵᠢᠯ᠎ᠤᠨ ᠠᠮᠢᠵᠢᠷᠠᠯ᠎ᠤᠨ ᠬᠦᠴᠦᠨ᠎ᠢ ᠢᠳᠡᠪᠬᠢᠵᠢᠭᠦᠯᠵᠡᠢ᠃

W020231205512088881311.png

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ ᠣᠷᠳᠣᠰ᠎ᠤᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠎ᠳᠤ ᠰᠤᠳᠤᠷ ᠪᠢᠴᠢᠭ᠎ᠢ ᠡᠮᠬᠢᠳᠬᠡᠨ ᠬᠡᠪᠯᠡᠭᠦᠯᠦᠭᠰᠡᠨ ᠭᠡᠰᠡᠭ ᠪᠦᠲᠦᠭᠡᠯ ᠵᠢᠡᠨ ᠬᠦᠷᠭᠡᠪᠡ



         ᠣᠷᠴᠢᠭᠤᠯᠤᠭᠴᠢ᠄ ᠣᠶᠤᠨᠰᠡᠴᠡᠨ
         ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
         ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠦᠪᠦᠷ ᠮᠣᠩᠭᠤᠯ᠎ᠤᠨ ᠴᠦᠬᠡᠨ ᠲᠤᠭ᠋ᠠᠲᠦ ᠦᠨᠳᠦᠰᠦᠳᠡᠨ᠎ᠤ ᠰᠣᠳᠤᠷ ᠪᠢᠴᠢᠭ ᠰᠤᠳᠤᠯᠬᠤ ᠳᠠᠰᠤᠭ