12 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ 4᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ ᠲᠤᠰᠠ ᠳᠡᠮ ᠦᠵᠡᠭᠦᠯᠦᠭᠰᠡᠨ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ ᠪᠠ ᠣᠷᠳᠣᠰ ᠬᠣᠲᠠ ᠵᠢᠨ ᠦᠦᠰᠢᠨ ᠬᠣᠰᠢᠭᠤ᠂ ᠬᠠᠩᠭᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠲᠤᠷᠠᠨ ᠪᠠᠢ᠌ᠭᠤᠯᠤᠭᠰᠠᠨ ᠵᠠᠩᠭ᠋ᠠᠷ᠎ᠤᠨ ᠲᠤᠤᠯᠢ ᠵᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨ᠎ᠡ ᠡᠭᠦᠳᠦᠯᠲᠡ᠎ᠲᠠᠢ᠎ᠪᠠᠷ ᠬᠦᠭᠵᠢᠬᠦᠯᠬᠦ ᠰᠤᠳᠤᠯᠭ᠋ᠠᠨ᠎ᠤ ᠰᠠᠭᠤᠷᠢᠨ ᠭᠠᠵᠠᠷ᠎ᠤᠨ ᠫᠠᠢ᠌ᠰᠠ ᠰᠡᠬᠦᠬᠦ ᠶᠣᠰᠣᠯᠠᠯ ᠲᠤᠰ ᠬᠣᠶᠠᠷ ᠬᠣᠰᠢᠭᠤᠨ᠎ᠳᠤ ᠲᠣᠰ ᠲᠣᠰ ᠶᠠᠪᠤᠭᠳᠠᠪᠠ᠃
ᠦᠦᠰᠢᠨ ᠬᠤᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ
ᠬᠠᠩᠬᠢᠨ ᠬᠤᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ
ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠳᠡᠳ᠋ ᠳᠠᠷᠤᠭ᠎ᠠ ᠸᠠᠩ ᠵᠢᠨ ᠢᠦᠢ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠰᠤᠳᠤᠯᠤᠭᠴᠢ᠂ ᠮᠣᠩᠭᠣᠯ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠲᠠᠰᠤᠭ᠎ᠤᠨ ᠡᠷᠬᠢᠯᠡᠭᠴᠢ ᠦ᠊ · ᠨᠠᠴᠢᠨ ᠬᠤᠷᠠᠯ᠎ᠳᠤ ᠣᠷᠣᠯᠴᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠡᠷᠬᠢᠯᠡᠭᠴᠢ ᠪᠠ ᠣᠷᠳᠣᠰ ᠬᠣᠲᠠ᠂ ᠬᠣᠶᠠᠷ ᠬᠣᠰᠢᠭᠤᠨ᠎ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ᠎ᠳᠤ ᠣᠷᠣᠯᠴᠠᠭᠰᠠᠨ ᠪᠥᠭᠡᠳ ᠵᠠᠩᠭ᠋ᠠᠷ᠎ᠤᠨ ᠲᠤᠤᠯᠢ ᠵᠢ ᠬᠠᠮᠠᠭ᠋ᠠᠯᠠᠬᠤ ᠪᠠ ᠤᠯᠠᠮᠵᠢᠯᠠᠨ ᠳᠡᠯᠭᠡᠷᠡᠭᠦᠯᠬᠦ ᠠᠵᠢᠯ᠎ᠢ ᠥᠷᠨᠢᠭᠦᠯᠦᠭᠰᠡᠨ ᠪᠠᠢ᠌ᠳᠠᠯ ᠵᠶ᠋ᠠᠨ ᠬᠠᠷᠢᠭᠤ ᠮᠡᠳᠡᠭᠦᠯᠪᠡ᠃ ᠫᠠᠢ᠌ᠰᠠ ᠰᠡᠬᠦᠬᠦ ᠶᠣᠰᠣᠯᠠᠯ ᠳᠠᠭᠤᠰᠤᠭᠰᠠᠨ᠎ᠤ ᠳᠠᠷᠠᠭ᠎ᠠ ᠦᠦᠰᠢᠨ ᠬᠣᠰᠢᠭᠤᠨ᠎ᠤ 《ᠵᠠᠩᠭ᠋ᠠᠷ》 ᠪᠠᠭ᠋ᠠᠴᠤᠳ ᠬᠡᠦᠬᠡᠳ᠎ᠤᠨ ᠤᠷᠠᠯᠢᠭ᠎ᠤᠨ ᠪᠦᠯᠬᠦᠮ᠎ᠤᠨ ᠵᠢᠭ᠋ᠠᠨ ᠰᠤᠷᠭ᠋ᠠᠯᠲᠠ ᠵᠢᠨ ᠪᠠᠢ᠌ᠳᠠᠯ᠂ ᠬᠠᠩᠭᠢᠨ ᠬᠣᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠠᠷᠢᠭᠤ ᠮᠡᠳᠡᠭᠦᠯᠦᠯᠲᠡ ᠵᠢᠨ ᠲᠣᠭᠯᠠᠯᠲᠠ ᠵᠢ ᠰᠣᠨᠢᠷᠬᠠᠵᠤ᠂ 《ᠵᠠᠩᠭ᠋ᠠᠷ》᠎ᠤᠨ ᠲᠤᠤᠯᠢ ᠵᠢ ᠤᠯᠠᠮᠵᠢᠯᠠᠨ ᠬᠥᠭᠵᠢᠭᠦᠯᠬᠦ ᠲᠤᠬᠠᠢ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠂ ᠰᠢᠨᠵᠢᠶᠠᠩ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢᠴᠢ ᠰᠣᠶᠣᠯ᠎ᠤᠨ ᠤᠯᠠᠮᠵᠢᠯᠠᠯ ᠬᠦᠭᠵᠢᠯᠳᠡ ᠵᠢᠨ ᠶᠠᠷᠢᠯᠴᠠᠬᠤ ᠬᠤᠷᠠᠯ ᠵᠡᠷᠭᠡ ᠬᠤᠷᠠᠯ ᠳᠡᠭᠡᠷ᠎ᠡ᠂ 《ᠭᠤᠷᠪᠠᠨ ᠲᠤᠮᠤ ᠲᠤᠤᠯᠢ》 ᠵᠢᠨ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠯᠠᠷᠢᠯᠠᠭᠤᠯᠬᠤ᠂ ᠰᠢᠨ᠎ᠡ ᠵᠢ ᠡᠬᠦᠳᠦᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠦ ᠵᠢᠷᠭᠤᠭ᠎ᠠ ᠤᠳᠠᠭ᠎ᠠ ᠴᠢᠬᠤᠯᠠᠴᠢᠯᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ᠎ᠬᠢᠨ ᠶᠡᠷᠦᠩᠬᠡᠢ ᠱᠦᠵᠢ ᠵᠢᠨ 《ᠭᠤᠷᠪᠠᠨ ᠲᠤᠮᠤ ᠲᠤᠤᠯᠢ》 ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠤᠯᠭ᠋ᠠᠵᠤ ᠦᠨᠳᠦᠰᠦᠲᠡᠨ᠎ᠤ ᠰᠤᠳᠤᠷ ᠪᠢᠴᠢᠭ ᠪᠠ 《ᠭᠤᠷᠪᠠᠨ ᠲᠤᠮᠤ ᠲᠤᠤᠯᠢ》 ᠵᠢᠨ ᠬᠠᠮᠠᠭ᠋ᠠᠯᠠᠨ ᠤᠯᠠᠮᠵᠢᠯᠠᠬᠤ ᠠᠵᠢᠯ᠎ᠢ ᠭᠦᠨᠵᠡᠭᠡᠢ ᠲᠤᠭᠤᠰᠢᠯᠠᠭᠤᠯᠵᠤ ᠪᠤᠢ᠃
ᠣᠷᠴᠢᠭᠤᠯᠤᠭᠴᠢ᠄ ᠣᠶᠤᠨᠰᠡᠴᠡᠨ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠦᠸᠠᠢ ᠳ᠋ᠦᠩ