ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠵᠠᠩᠭ᠋ᠠᠷ᠎ᠤᠨ ᠲᠤᠤᠯᠢ ᠵᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨ᠎ᠡ ᠡᠭᠦᠳᠦᠯᠲᠡ᠎ᠲᠠᠢ᠎ᠪᠠᠷ ᠬᠦᠭᠵᠢᠭᠦᠯᠬᠦ ᠳᠤᠬᠠᠢ ᠦᠦᠰᠢᠨ ᠬᠣᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ ᠪᠣᠯᠤᠨ ᠬᠠᠩᠭᠢᠨ ᠬᠣᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠳᠤᠢ᠌ᠮᠤᠴᠢᠯᠠᠭᠰᠠᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2023-12-15

      2023 ᠣᠨ᠎ᠤ 11 ᠳ᠋ᠤᠬᠡᠷ ᠰᠠᠷ᠎ᠠ ᠵᠢᠨ 28᠎ᠤ ᠡᠳᠦᠷ᠎ᠠᠴᠠ 29᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ ᠪᠠ ᠣᠷᠳᠣᠰ ᠬᠣᠲᠠ ᠵᠢᠨ ᠦᠦᠰᠢᠨ ᠬᠣᠰᠢᠭᠤ᠂ ᠬᠠᠩᠭᠢᠨ ᠬᠣᠰᠢᠭᠤ ᠬᠠᠮᠲᠤᠷᠠᠨ ᠵᠠᠩᠭ᠋ᠠᠷ᠎ᠤᠨ ᠳᠤᠤᠯᠢ ᠵᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨ᠎ᠡ ᠡᠭᠦᠳᠦᠯᠲᠡ᠎ᠲᠠᠢ᠎ᠪᠠᠷ ᠬᠦᠭᠵᠢᠭᠦᠯᠬᠦ ᠰᠤᠳᠤᠯᠭ᠋ᠠᠨ᠎ᠤ ᠰᠠᠭᠤᠷᠢᠨ ᠭᠠᠵᠠᠷ᠎ᠢ ᠪᠠᠢ᠌ᠭᠤᠯᠬᠤ ᠶᠠᠷᠢᠯᠴᠠᠬᠤ ᠬᠤᠷᠠᠯ ᠵᠢᠴᠢ ᠳᠤᠢ᠌ᠮᠤᠴᠢᠯᠠᠭᠰᠠᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠳᠤ ᠶᠠᠪᠤᠭᠳᠠᠪᠠ᠃ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠨᠠᠮ᠎ᠤᠨ ᠬᠣᠷᠢᠶᠠᠨ᠎ᠤ ᠱᠦᠵᠢ ᠳ᠋ᠢᠩ ᠭᠦᠸᠧ ᠴᠢ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠳᠡᠳ᠋ ᠳᠠᠷᠤᠭ᠎ᠠ ᠸᠠᠩ ᠵᠢᠨ ᠢᠤᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠡᠷᠬᠢᠯᠡᠭᠴᠢ ᠰᠣᠶᠣᠯᠲᠤ᠂ ᠦᠦᠰᠢᠨ ᠬᠣᠰᠢᠭᠤᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠠᠯᠲᠠᠨᠴᠢᠯᠠᠭᠤ᠂ ᠬᠠᠩᠭᠢᠨ ᠬᠣᠰᠢᠭᠤᠨ᠎ᠤ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠾᠧ ᠶᠦᠩ ᠭᠠᠩ ᠬᠤᠷᠠᠯ᠎ᠳᠤ ᠣᠷᠣᠯᠴᠠᠪᠠ᠃ ᠶᠠᠷᠢᠯᠴᠠᠬᠤ ᠬᠤᠷᠠᠯ ᠵᠢᠴᠢ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ᠎ᠢ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠨᠠᠮ᠎ᠤᠨ ᠬᠣᠷᠢᠶᠠᠨ᠎ᠤ ᠱᠦᠵᠢ ᠳ᠋ᠢᠩ ᠭᠦᠸᠧ ᠴᠢ ᠡᠷᠬᠢᠯᠡᠪᠡ᠃

W020231201591972706311_ORIGIN.jpg

      ᠶᠠᠷᠢᠯᠴᠠᠬᠤ ᠬᠤᠷᠠᠯ

      ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ ᠪᠣᠯᠤᠨ ᠦᠦᠰᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠬᠠᠩᠭᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠠᠯᠤᠰ ᠬᠡᠲᠦ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠠᠯ᠎ᠠ᠎ᠠᠴᠠ ᠪᠣᠳᠣᠯᠬᠢᠯᠠᠵᠤ᠂ ᠠᠵᠢᠯ ᠲᠥᠷᠥᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠬᠠᠮᠲᠤ᠎ᠳᠤ᠎ᠪᠠᠨ ᠬᠠᠷᠢᠯᠴᠠᠨ ᠬᠠᠮᠵᠢᠯᠴᠠᠵᠤ᠂ ᠵᠠᠩᠭ᠋ᠠᠷ᠎ᠤᠨ ᠲᠤᠤᠯᠢ ᠵᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨ᠎ᠡ ᠡᠭᠦᠳᠦᠯᠲᠡ᠎ᠲᠠᠢ᠎ᠪᠠᠷ ᠬᠦᠭᠵᠢᠬᠦᠯᠬᠦ ᠵᠢᠨ ᠲᠣᠭᠣᠷᠢᠨ᠎ᠳᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠦᠷᠨᠢᠬᠦᠯᠪᠠ᠃ ᠶᠠᠷᠢᠯᠴᠠᠬᠤ ᠬᠤᠷᠠᠯ ᠳᠡᠭᠡᠷ᠎ᠡ᠂ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠡᠯ᠎ᠠ ᠲᠠᠯ᠎ᠠ ᠵᠢᠨ᠎ᠬᠢᠨ ᠪᠣᠳᠠᠲᠠᠶ ᠬᠠᠮᠲᠤᠷᠠᠯᠴᠠᠭ᠋ᠠᠨ᠎ᠤ ᠰᠠᠨᠠᠯ ᠪᠤᠳᠤᠯ᠂ ᠠᠷᠭ᠎ᠠ ᠬᠡᠮᠵᠢᠶ᠎ᠡ ᠵᠡᠷᠭᠡ ᠳᠠᠯ᠎ᠠ᠎ᠪᠠᠷ ᠰᠠᠨᠠᠯ ᠵᠶ᠋ᠠᠨ ᠭᠦᠢᠴᠡᠳ ᠰᠣᠯᠢᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠨᠢ ᠥᠪᠡᠷᠲᠡᠭᠡᠨ ᠵᠠᠰᠠᠬᠤ ᠣᠷᠣᠨ᠎ᠤ ᠵᠠᠩᠭ᠋ᠠᠷ᠎ᠤᠨ ᠬᠠᠮᠠᠭ᠋ᠠᠯᠠᠯᠲᠠ ᠵᠢᠨ ᠨᠢᠭᠡᠴᠢ ᠪᠣᠯᠤᠭᠰᠠᠨ᠎ᠤ ᠬᠤᠪᠢ᠎ᠳᠤ᠂ ᠬᠠᠷᠢᠯᠴᠠᠬᠤ᠂ ᠵᠣᠬᠢᠴᠠᠭᠤᠯᠬᠤ᠂ ᠦᠢ᠍ᠯᠡᠴᠢᠯᠡᠬᠦ ᠡᠭᠦᠷᠭᠡ ᠴᠢᠳᠠᠪᠬᠢ᠎ᠪᠠᠨ ᠭᠦᠢ᠍ᠴᠡᠳ ᠪᠠᠳᠠᠷᠠᠭᠤᠯᠵᠤ᠂ ᠵᠠᠩᠭ᠋ᠠᠷ᠎ᠤᠨ ᠲᠤᠤᠯᠢ ᠵᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨ᠎ᠡ ᠡᠭᠦᠳᠦᠯᠲᠡ᠎ᠲᠠᠢ᠎ᠪᠠᠷ ᠬᠥᠭᠵᠢᠭᠦᠯᠬᠦ ᠦᠦᠰᠢᠨ ᠬᠣᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ ᠪᠣᠯᠤᠨ ᠬᠠᠩᠭᠢᠨ ᠬᠣᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠢ ᠪᠠᠢ᠌ᠭᠤᠯᠬᠤ ᠠᠵᠢᠯ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠬᠦ ᠪᠤᠯᠤᠨ᠎ᠠ᠃

W020231201591972740576_ORIGIN.jpg

      ᠬᠠᠩᠭᠢᠨ ᠬᠣᠰᠢᠭᠤᠨ᠎ᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ᠎ᠤᠨ ᠠᠬᠤᠶ ᠲᠠᠯᠠᠪᠠᠶ

      ᠳᠤᠮᠳᠠᠳᠤ ᠤᠯᠤᠰ᠎ᠤᠨ 《ᠭᠤᠷᠪᠠᠨ ᠶᠡᠬᠡ ᠳᠤᠤᠯᠢ》 ᠵᠢ ᠪᠦᠲᠦᠭᠡᠯᠴᠢ᠎ᠪᠠᠷ ᠤᠯᠠᠷᠢᠭᠤᠯᠬᠤ᠂ ᠰᠢᠨ᠎ᠡ ᠡᠭᠦᠳᠦᠯᠲᠡ᠎ᠲᠠᠢ᠎ᠪᠠᠷ ᠬᠦᠭᠵᠢᠬᠦᠯᠬᠦ ᠪᠣᠯ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠢ᠌ᠭᠤᠯᠬᠤ ᠵᠢᠨ ᠦᠢ᠍ᠯᠡᠳᠦᠯᠭᠡ ᠵᠢᠨ ᠠᠷᠭ᠎ᠠ ᠬᠡᠯᠪᠡᠷᠢ ᠮᠦᠨ᠃ ᠦᠦᠰᠢᠨ ᠬᠣᠰᠢᠭᠤ᠂ ᠬᠠᠩᠭᠢᠨ ᠬᠣᠰᠢᠭᠤ᠎ᠨᠢ ᠮᠠᠨ᠎ᠤ ᠣᠷᠣᠨ᠎ᠤ ᠵᠠᠩᠭ᠋ᠠᠷ᠎ᠤᠨ ᠲᠤᠤᠯᠢ ᠵᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠵᠢᠭᠰᠠᠭ᠋ᠠᠯ᠎ᠤᠨ ᠭᠣᠣᠯ ᠭᠠᠵᠠᠷ ᠪᠣᠯᠤᠭᠰᠠᠨ᠎ᠤ ᠬᠤᠪᠢ᠎ᠳᠤ᠂ ᠵᠠᠩᠭ᠋ᠠᠷ᠎ᠤᠨ ᠳᠤᠤᠯᠢ ᠵᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ᠂ ᠲᠡᠭᠦᠨ᠎ᠤ ᠭᠦᠨ ᠵᠤᠵᠠᠭ᠋ᠠᠨ ᠰᠣᠶᠣᠯ᠎ᠤᠨ ᠠᠭᠤᠯᠬᠤᠨ᠎ᠢ ᠭᠦᠢ᠍ᠴᠡᠳ ᠠᠭᠤᠳᠠᠯᠬᠤ᠂ ᠲᠡᠷᠡᠴᠢᠯᠡᠨ ᠴᠠᠭ ᠦᠶ᠎ᠡ ᠵᠢᠨ ᠤᠯᠠᠮᠵᠢᠯᠠᠯ ᠪᠣᠯᠤᠨ ᠠᠭᠤᠰᠤᠯᠴᠠᠨ ᠬᠥᠭᠵᠢᠬᠦ ᠵᠡᠷᠭᠡ ᠲᠠᠯ᠎ᠠ᠎ᠪᠠᠷ ᠡᠯᠪᠡᠭ ᠪᠠᠶᠠᠯᠢᠭ ᠲᠤᠷᠰᠢᠯᠭ᠎ᠠ ᠪᠣᠯᠤᠨ ᠰᠠᠢ᠍ᠢ᠍ᠨ ᠰᠠᠢ᠌ᠬᠠᠨ ᠠᠷᠭ᠎ᠠ ᠠᠪᠴᠠᠯ᠎ᠲᠠᠢ ᠪᠣᠯᠵᠠᠢ᠃ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠨᠢ ᠤᠯᠤᠰ᠎ᠤᠨ ᠳᠣᠲᠣᠭ᠋ᠠᠳᠤ ᠵᠢᠨ ᠲᠡᠷᠢᠭᠦᠨ ᠵᠡᠷᠭᠡ ᠵᠢᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠪᠠᠢ᠌ᠭᠤᠯᠤᠮᠵᠢ ᠪᠣᠯᠤᠭᠰᠠᠨ᠎ᠤ ᠬᠤᠪᠢ᠎ᠳᠤ᠂ ᠡᠯ᠎ᠡ ᠦᠨᠳᠦᠰᠦᠲᠡᠨ᠎ᠤ ᠳᠤᠤᠯᠢ ᠵᠢ ᠠᠪᠤᠷᠠᠨ ᠬᠠᠮᠠᠭ᠋ᠠᠯᠠᠬᠤ ᠪᠠ ᠠᠭᠤᠳᠠᠯᠤᠨ ᠰᠤᠳᠤᠯᠬᠤ ᠠᠵᠢᠯ᠎ᠢ ᠦᠷᠭᠦᠯᠵᠢᠯᠡᠨ ᠰᠠᠢ᠌ᠲᠤᠷ ᠬᠢᠬᠦ᠎ᠳᠤ ᠲᠤᠰᠬᠠᠢ ᠮᠡᠷᠭᠡᠵᠢᠯ᠎ᠤᠨ ᠤᠨᠤᠯ᠎ᠤᠨ ᠵᠢᠯᠤᠭᠤᠳᠤᠯᠭ᠎ᠠ ᠪᠠ ᠡᠷᠳᠡᠮ ᠰᠢᠨᠵᠢᠯᠡᠭᠡᠨ᠎ᠤ ᠲᠤᠯᠭ᠋ᠠᠭᠤᠷᠢᠯᠠᠯ ᠬᠠᠩᠭ᠋ᠠᠵᠤ ᠴᠢᠳᠠᠨ᠎ᠠ᠃ ᠲᠤᠰ ᠤᠳᠠᠭ᠎ᠠ ᠵᠢᠨ ᠬᠠᠮᠲᠤᠷᠠᠯᠴᠠᠭ᠎ᠠ᠎ᠨᠢ ᠯᠠᠪᠲᠠᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨ᠎ᠡ ᠡᠭᠦᠳᠦᠯᠲᠡ᠎ᠲᠠᠢ᠎ᠪᠠᠷ ᠬᠦᠭᠵᠢᠬᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠎ᠳᠤ ᠰᠠᠢ᠍ᠢ᠍ᠨ ᠰᠠᠢ᠌ᠬᠠᠨ ᠠᠬᠢᠭᠤᠯᠬᠤ ᠦᠢ᠍ᠯᠡᠳᠦᠯ ᠦᠵᠡᠭᠦᠯᠵᠦ᠂ ᠤᠯᠠᠮᠵᠢᠯᠠᠯᠲᠤ ᠰᠣᠶᠣᠯ᠎ᠳᠤ ᠰᠢᠨ᠎ᠡ ᠠᠮᠢᠵᠢᠷᠠᠯ᠎ᠤᠨ ᠬᠦᠴᠦᠨ ᠪᠠ ᠴᠠᠭ ᠦᠶ᠎ᠡ ᠵᠢᠨ ᠣᠨᠴᠠᠯᠢᠭ ᠣᠯᠭᠣᠵᠤ᠂ ᠲᠡᠭᠦᠨ᠎ᠤ ᠤᠳᠤ ᠦᠶ᠎ᠡ ᠵᠢᠨ ᠨᠡᠢ᠌ᠭᠡᠮ᠎ᠳᠠᠬᠢ ᠰᠢᠨ᠎ᠡ ᠠᠮᠢᠵᠢᠷᠠᠯ᠎ᠤᠨ ᠬᠦᠴᠦᠨ᠎ᠢ᠎ᠨᠢ ᠪᠠᠳᠠᠷᠠᠭᠤᠯᠬᠤ ᠪᠤᠯᠭ᠋ᠠᠨ᠎ᠠ᠃ 

W020231201591972779855_ORIGIN.jpg

      ᠦᠦᠰᠢᠨ ᠬᠣᠰᠢᠭᠤᠨ᠎ᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ᠎ᠤᠨ ᠠᠬᠤᠶ ᠲᠠᠯᠠᠪᠠᠶ 
      ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠬᠠᠮᠢᠶ᠎ᠠ ᠪᠥᠬᠥᠶ ᠨᠥᠬᠥᠳ᠂ ᠦᠦᠰᠢᠨ ᠬᠣᠰᠢᠭᠤᠨ᠎ᠤ ᠦᠨᠳᠦᠰᠦᠲᠡᠨ᠎ᠤ ᠵᠥᠪᠯᠡᠯ᠂ ᠬᠠᠩᠭᠢᠨ ᠬᠣᠰᠢᠭᠤᠨ᠎ᠤ ᠦᠨᠳᠦᠰᠦᠲᠡᠨ᠎ᠤ ᠵᠥᠪᠯᠡᠯ᠎ᠤᠨ ᠬᠠᠮᠢᠶ᠎ᠠ ᠪᠥᠬᠥᠶ ᠬᠠᠷᠢᠭᠤᠴᠠᠯᠭ᠋ᠠᠳᠠᠳ ᠶᠠᠷᠢᠯᠴᠠᠬᠤ ᠬᠤᠷᠠᠯ ᠪᠣᠯᠤᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ᠃


             ᠣᠷᠴᠢᠭᠤᠯᠤᠭᠴᠢ᠄ ᠤᠷᠢᠬᠠᠨ
             ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
             ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ