ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ ᠪᠢᠴᠢᠭ ᠰᠤᠳᠤᠯᠬᠤ ᠲᠠᠰᠤᠭ ᠵᠡᠷᠭᠡ ᠨᠢᠭᠡᠴᠢ ᠬᠠᠮᠳᠤᠷᠠᠨ 《ᠶᠡᠭᠡ ᠲᠦᠪᠡᠳ ᠰᠤᠳᠤᠷ · ᠭᠠᠨᠵᠤᠤᠷ》᠎ᠤᠨ ᠡᠷᠳᠡᠨ᠎ᠤ ᠭᠠᠷ ᠬᠠᠭᠤᠯᠪᠤᠷᠢ ᠵᠢᠨ ᠭᠡᠷᠡᠯ ᠵᠢᠷᠤᠭ᠎ᠤᠨ ᠬᠡᠪᠯᠡᠯ᠎ᠤᠨ ᠲᠥᠷᠥᠯ ᠵᠦᠢ᠍ᠯ᠎ᠤᠨ ᠠᠯᠳᠠᠨ ᠦᠰᠦᠭᠳᠤ 《ᠭᠠᠨᠵᠤᠤᠷ》᠎ᠤᠨ ᠲᠣᠭᠲᠠᠭᠰᠠᠨ ᠡᠭᠡ ᠪᠢᠴᠢᠭ᠎ᠤᠨ ᠬᠢᠨᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-12-22

      2023 ᠤᠨ᠎ᠤ 12 ᠳ᠋ᠤᠭ᠋ᠠᠷ ᠰᠠᠷ᠎ᠠ ᠵᠢᠨ 6᠎ᠤ ᠡᠳᠤᠷ᠂ 《ᠶᠡᠭᠡ ᠲᠦᠪᠡᠳ ᠰᠤᠳᠤᠷ · ᠭᠠᠨᠵᠤᠤᠷ》᠎ᠤᠨ ᠡᠷᠳᠡᠨ᠎ᠤ  ᠭᠠᠷ ᠬᠠᠭᠤᠯᠪᠤᠷᠢ ᠵᠢᠨ ᠭᠡᠷᠡᠯ ᠵᠢᠷᠤᠭ᠎ᠤᠨ ᠬᠡᠪᠯᠡᠯ᠎ᠤᠨ ᠲᠥᠷᠥᠯ ᠵᠦᠢ᠍ᠯ᠎ᠤᠨ ᠠᠯᠳᠠᠨ ᠦᠰᠦᠭᠳᠤ 《ᠭᠠᠨᠵᠤᠤᠷ》᠎ᠤᠨ ᠬᠡᠪᠯᠡᠯ᠎ᠤᠨ ᠠᠵᠢᠯ᠎ᠢ ᠲᠦᠷᠭᠡᠳᠭᠡᠨ ᠠᠬᠢᠭᠤᠯᠬᠤ ᠵᠢᠨ ᠲᠦᠯᠦᠭᠡ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ᠎ᠬᠢᠨ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠮ᠎ᠤᠨ ᠰᠠᠩ᠂ ᠠᠯᠤᠰ᠎ᠤᠨ ᠪᠠᠷ᠎ᠠ ᠬᠡᠪᠯᠡᠯ᠎ᠤᠨ ᠬᠤᠷᠢᠶ᠎ᠠ᠂ ᠪᠠᠷᠯᠠᠵᠤ ᠲᠥᠰᠥᠪᠯᠡᠬᠦ ᠺᠤᠮᠫᠠᠨᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ᠎ᠲᠠᠢ ᠠᠯᠳᠠᠨ ᠦᠰᠦᠭᠳᠤ 《ᠭᠠᠨᠵᠤᠤᠷ》᠎ᠤᠨ ᠡᠭᠡ ᠪᠢᠴᠢᠭ᠎ᠤᠨ ᠠᠭᠤᠯᠭ᠎ᠠ᠂ ᠭᠠᠷᠴᠠᠭ᠂ ᠤᠷᠤᠰᠢᠯ ᠵᠡᠷᠭᠡ ᠵᠢᠨ ᠲᠤᠬᠠᠢ ᠶᠠᠷᠢᠯᠴᠠᠵᠤ ᠰᠤᠯᠢᠯᠴᠠᠵᠠᠢ᠃ ᠠᠯᠳᠠᠨ ᠦᠰᠦᠭᠳᠤ ᠮᠣᠩᠭᠣᠯ ᠬᠡᠯᠡᠨ᠎ᠤ 《ᠭᠠᠨᠵᠤᠤᠷ》᠎ᠨᠢ ᠲᠤᠮᠳᠠᠳᠤ ᠵᠢᠨ ᠶᠡᠭᠡ ᠲᠦᠪᠡᠳ ᠰᠤᠳᠤᠷ᠎ᠤᠨ ᠴᠢᠬᠤᠯᠠ ᠪᠦᠷᠢᠯᠳᠦᠬᠦᠨ ᠭᠡᠰᠡᠭ ᠪᠤᠯᠤᠭᠰᠠᠨ᠎ᠤ ᠬᠤᠪᠢ᠎ᠳᠤ ᠠᠭᠤᠯᠭ᠎ᠠ᠎ᠪᠠᠷ ᠡᠯᠪᠡᠭ ᠪᠠᠶᠠᠯᠢᠭ᠂ ᠦᠨᠢ ᠤᠳᠠᠭ᠋ᠠᠨ ᠲᠡᠤᠭᠡ᠎ᠲᠠᠢ ᠪᠥᠭᠡᠳ ᠨᠣᠮ ᠪᠣᠯᠵᠤ ᠬᠠᠳᠠᠭ᠋ᠠᠯᠠᠭᠳᠠᠭᠰᠠᠭ᠋ᠠᠷ ᠢᠷᠡᠭᠰᠡᠨ ᠠᠯᠢ ᠡᠷᠲᠡ ᠵᠢᠨ ᠰᠤᠳᠤᠷ  ᠪᠤᠯᠤᠨ᠎ᠠ᠃ ᠠᠯᠳᠠᠨ ᠦᠰᠦᠭᠳᠤ 《ᠭᠠᠨᠵᠤᠤᠷ》᠎ᠤᠨ ᠤᠭ ᠡᠭᠡ᠎ᠨᠢ 113 ᠪᠤᠳᠢ ᠪᠠᠢ᠌ᠵᠠᠢ᠂ ᠤᠳᠤᠬᠠᠨ᠎ᠳᠤ ᠤᠯᠤᠰ᠎ᠤᠨ ᠲᠤᠳᠤᠭ᠋ᠠᠳᠤ᠎ᠳᠤ ᠬᠠᠳᠠᠭ᠋ᠠᠯᠠᠭᠳᠠᠵᠤ ᠪᠠᠢ᠌ᠭ᠎ᠠ᠎ᠨᠢ ᠵᠦᠪᠭᠡᠨ 20 ᠪᠤᠳᠢ (14 ᠲᠤᠭᠲᠤᠢ) ᠪᠠᠢ᠌ᠵᠤ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠠᠯᠠᠩ᠎ᠤᠨ ᠨᠤᠮ᠎ᠤᠨ ᠰᠠᠩ᠎ᠳᠤ ᠬᠠᠳᠠᠭ᠋ᠠᠯᠤᠭ᠋ᠠᠰᠤᠲᠠᠢ᠃

W020231208594664548505.png     

      ᠲᠤᠰ ᠲᠥᠷᠥᠯ ᠵᠦᠢ᠍ᠯ ᠪᠤᠯ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ ᠪᠢᠴᠢᠭ᠎ᠤᠨ ᠤᠰᠠᠳᠤᠮᠠᠷ ᠪᠠᠢ᠌ᠭ᠎ᠠ᠂ ᠬᠤᠪᠤᠷ ᠨᠠᠨᠳᠢᠨ ᠬᠡᠪᠯᠡᠯ᠎ᠢ ᠠᠪᠤᠷᠠᠨ ᠬᠠᠮᠠᠭ᠋ᠠᠯᠠᠬᠤ ᠭᠤᠤᠯᠳᠠᠯᠭ᠎ᠠ᠎ᠲᠠᠢ ᠢᠨᠵᠸᠨ᠋ᠸᠷᠢᠩ ᠪᠤᠯᠤᠨ᠎ᠡ᠃ ᠡᠬᠦᠨ᠎ᠤ ᠲᠤᠯᠠᠳᠡ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ ᠪᠢᠴᠢᠭ ᠰᠤᠳᠤᠯᠬᠤ ᠲᠠᠰᠤᠭ ᠪᠤᠯᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠮ᠎ᠤᠨ ᠰᠠᠩ ᠬᠠᠮᠳᠤᠷᠠᠨ ᠡᠷᠳᠡᠮᠲᠡᠳ ᠪᠤᠯᠤᠨ ᠮᠡᠷᠭᠡᠵᠢᠯ᠎ᠤᠨ ᠠᠵᠢᠯᠳᠡᠳ᠎ᠢ ᠵᠤᠬᠢᠶᠠᠨ ᠪᠠᠢ᠌ᠭᠤᠯᠵᠤ᠂ ᠡᠨᠡ ᠬᠦ᠌ ᠡᠷᠳᠡᠨ᠎ᠤ ᠮᠥᠷᠲᠡᠭᠡᠨ ᠬᠤᠪᠤᠷ ᠨᠠᠨᠳᠢᠨ ᠰᠤᠳᠤᠷ ᠪᠢᠴᠢᠭ᠎ᠢ ᠠᠩᠬ᠎ᠠ ᠤᠳᠠᠭ᠎ᠠ ᠪᠦᠬᠦ ᠲᠠᠯ᠎ᠠ᠎ᠪᠠᠷ ᠰᠢᠰᠲᠸᠮ᠎ᠲᠠᠢ ᠡᠮᠬᠢᠯᠡᠵᠤ᠂ ᠪᠤᠳᠤᠭᠳᠤ ᠭᠡᠷᠡᠯ ᠵᠢᠷᠤᠭ᠎ᠤᠨ ᠭᠡᠯᠪᠡᠷᠢ᠎ᠪᠠᠷ ᠬᠡᠪᠯᠡᠬᠦ᠎ᠪᠠᠷ ᠪᠠᠢ᠌ᠨ᠎ᠠ᠃ ᠲᠤᠰ ᠤᠳᠠᠭ᠋ᠠᠨ᠎ᠤ ᠶᠠᠷᠢᠯᠴᠠᠬᠤ ᠬᠤᠷᠠᠯ ᠵᠶ᠋ᠠᠷ ᠳᠠᠮᠵᠢᠵᠤ᠂ ᠨᠠᠢ᠌ᠷᠠᠭᠤᠯᠤᠨ ᠡᠮᠬᠢᠯᠡᠬᠦ᠎ᠳᠤ ᠣᠷᠣᠯᠴᠠᠭᠰᠠᠳ ᠲᠦᠷᠪᠡᠨ ᠡᠭᠡᠯᠵᠢ ᠵᠢᠨ ᠬᠢᠨᠠᠨ ᠲᠤᠭᠳᠠᠭ᠋ᠠᠵᠤ ᠵᠠᠰᠠᠪᠤᠷᠢ ᠤᠷᠤᠭᠤᠯᠤᠭᠰᠠᠨ ᠠᠯᠳᠡᠨ ᠦᠰᠦᠭᠳᠤ 《ᠭᠠᠨᠵᠤᠤᠷ》᠎ᠤᠨ 20 ᠪᠤᠳᠢ (14 ᠲᠤᠭᠲᠤᠢ)᠎ᠢ ᠡᠮᠬᠢᠯᠡᠨ ᠨᠠᠢ᠌ᠷᠠᠭᠤᠯᠵᠤ ᠬᠢᠨᠠᠨ ᠰᠢᠯᠭ᠋ᠠᠷᠠᠭᠤᠯᠤᠭᠰᠠᠨ ᠡᠭᠡ ᠪᠢᠴᠢᠭ᠎ᠢ ᠬᠡᠪᠯᠡᠯ᠎ᠤᠨ ᠬᠤᠷᠢᠶᠠᠨ᠎ᠳᠤ ᠰᠢᠯᠵᠢᠬᠦᠯᠤᠨ ᠲᠤᠰᠢᠶᠠᠵᠤ᠂ ᠳᠠᠷᠤᠮᠠᠯᠯᠠᠨ ᠬᠡᠪᠯᠡᠬᠦ ᠵᠢ ᠵᠦᠪᠰᠢᠶᠡᠷᠡᠭᠰᠡᠨ ᠪᠠᠢ᠌ᠨ᠎ᠠ᠃

W020231208594665843001.png



          ᠣᠷᠴᠢᠭᠤᠯᠤᠭᠴᠢ᠄ ᠨᠠᠷᠠᠩᠭᠤᠸ᠎ᠠ
          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ