ᠤᠯᠤᠰ᠎ᠤᠨ ᠦᠨᠳᠦᠰᠦᠲᠡᠨ᠎ᠤ ᠵᠥᠪᠯᠡᠯ᠎ᠠᠴᠠ ᠭᠣᠣᠯᠯᠠᠨ ᠡᠷᠬᠢᠯᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠷᠲᠡᠨ᠎ᠤ ᠳᠤᠷᠠᠰᠬᠠᠯᠲᠤ ᠵᠦᠢ᠍ᠯᠡᠰ ᠰᠤᠳᠤᠷ ᠪᠢᠴᠢᠭ᠎ᠤᠨ ᠦᠵᠡᠭᠦᠯᠭᠡ》 ᠪᠡᠭᠡᠵᠢᠩ᠎ᠤᠨ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠶᠠᠪᠤᠭᠳᠠᠵᠤ ᠪᠣᠢ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠭᠡᠷᠡᠴᠢᠯᠡᠭᠰᠡᠨ ᠲᠠᠩ ᠤᠯᠤᠰ᠎ᠤᠨ ᠸᠸᠨ ᠴᠧᠩ ᠭᠦᠩᠵᠦ᠎ᠠᠴᠠ ᠲᠥᠪᠡᠳ᠎ᠲᠤ ᠠᠪᠴᠤ ᠬᠦᠷᠦᠭᠰᠡᠨ ᠶᠠᠲᠤᠭ᠎ᠠ ᠪᠣᠯᠤᠨ ᠤᠷᠲᠤ ᠬᠡᠩᠭᠡᠷᠭᠡ᠂ ᠬᠢᠲᠠᠳ ᠬᠡᠯᠡ᠂ ᠮᠠᠨᠵᠤ ᠬᠡᠯᠡ᠂ ᠮᠣᠩᠭᠣᠯ ᠬᠡᠯᠡ ᠵᠡᠷᠭᠡ 3 ᠵᠦᠢ᠍ᠯ᠎ᠤᠨ ᠦᠰᠦᠭ ᠪᠢᠴᠢᠭ᠎ᠤᠨ᠎ᠪᠠᠷ ᠬᠡᠪᠯᠡᠯ᠎ᠤᠨ 《ᠮᠧᠩᠽᠢ》 ᠵᠡᠷᠭᠡ ᠵᠢᠴᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ᠎ᠠᠴᠠ ᠨᠠᠭ᠋ᠠᠰᠢ ᠤᠳᠤ ᠪᠣᠯᠲᠠᠯ᠎ᠠ ᠤᠯᠠᠮᠵᠢᠯᠠᠯ ᠨᠢᠭᠡᠲᠡᠢ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠤᠨ ᠭᠦᠨ ᠭᠦᠨᠵᠡᠭᠡᠢ ᠦᠵᠡᠯ ᠰᠠᠨᠠᠭ᠎ᠠ ᠪᠣᠯᠤᠨ ᠡᠯᠪᠡᠭ ᠪᠠᠶᠠᠯᠢᠭ ᠦᠢ᠍ᠯᠡᠳᠦᠯᠭᠡ ᠵᠢ ᠢᠯᠡᠷᠡᠭᠦᠯᠦᠭᠰᠡᠨ ᠠᠯᠢ ᠤᠯᠠᠨ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ ᠪᠣᠯᠤᠨ ᠮᠠᠲ᠋ᠧᠷᠢᠶᠠᠯ᠎ᠤᠳ᠎ᠢ ᠳᠡᠯᠭᠡᠨ ᠦᠵᠡᠭᠦᠯᠪᠡ᠃ ᠳᠡᠯᠭᠡᠨ ᠦᠵᠡᠭᠦᠯᠭᠡ᠎ᠳᠤ 1500 ᠭᠠᠷᠤᠢ ᠰᠤᠳᠤᠷ ᠪᠢᠴᠢᠭ ᠪᠣᠯᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠨᠢ ᠤᠯᠤᠰ ᠲᠦᠷᠦ᠂ ᠠᠵᠤ ᠠᠬᠤᠢ᠂ ᠨᠡᠢ᠌ᠭᠡᠮ᠂ ᠰᠣᠶᠣᠯ ᠵᠡᠷᠭᠡ ᠤᠯᠠᠨ ᠬᠠᠷᠠᠭ᠋ᠠᠰᠤᠨᠠᠴᠠ ᠳᠤᠮᠳᠠᠳᠤ ᠵᠢᠨ ᠪᠣᠯᠪᠠᠰᠤᠨ᠎ᠤ ᠪᠤᠢ ᠪᠣᠯᠵᠤ᠂ ᠡᠭᠦᠰᠦᠨ ᠬᠥᠭᠵᠢᠭᠰᠡᠨ ᠶᠠᠪᠤᠴᠠ ᠵᠢ ᠳᠡᠯᠭᠡᠨ ᠦᠵᠡᠭᠦᠯᠵᠦ᠂ ᠲᠠᠪᠤᠨ ᠮᠢᠩᠭ᠎ᠠ ᠭᠠᠷᠤᠢ ᠵᠢᠯ᠎ᠤᠨ ᠲᠤᠷᠰᠢᠬᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠪᠣᠳᠠᠲᠤ ᠪᠠᠢ᠌ᠳᠠᠯ᠎ᠢ ᠠᠮᠢᠳᠤᠯᠢᠭ ᠵᠶ᠋ᠠᠷ ᠲᠠᠬᠢᠨ ᠢᠯᠡᠷᠡᠭᠦᠯᠵᠦ᠂ ᠦᠵᠡᠭᠴᠢᠳ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠬᠥᠭᠵᠢᠯᠲᠡ ᠵᠢᠨ ᠲᠡᠦᠬᠡ ᠵᠢᠨ ᠤᠷᠳᠤ ᠬᠠᠭᠤᠳᠠᠰᠤ ᠵᠢ ᠳᠡᠯᠭᠡᠨ ᠦᠵᠡᠭᠦᠯᠵᠡᠢ᠃
ᠳᠡᠯᠭᠡᠨ ᠦᠵᠡᠭᠦᠯᠭᠡ ᠵᠢ ᠨᠢᠳᠤᠨᠤᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠭᠦᠯᠦᠭᠰᠡᠨ᠎ᠠᠴᠠ ᠨᠠᠭ᠋ᠠᠰᠢ᠂ ᠦᠵᠡᠭᠴᠢᠳ᠎ᠢ ᠨᠡᠢ᠌ᠲᠡ 10 ᠲᠦᠮᠡ ᠭᠠᠷᠤᠶ ᠬᠦᠮᠦᠨ ᠤᠳᠠᠭ᠎ᠠ ᠭᠥᠯᠢᠶᠡᠨ ᠠᠪᠴᠠᠶ᠃
ᠣᠷᠴᠢᠭᠤᠯᠤᠭᠴᠢ᠄ ᠣᠶᠤᠨᠲᠠᠨᠠ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ