2024 ᠣᠨ᠎ᠤ 1 ᠳ᠋ᠦ᠍ᠭᠡᠷ ᠰᠠᠷ᠎ᠠ ᠵᠢᠨ 4᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ᠎ᠬᠢᠨ 《ᠶᠡᠬᠡ ᠬᠦᠯᠭᠡᠨ ᠰᠤᠳᠤᠷ · ᠭᠠᠨᠵᠤᠤᠷ》᠎ᠤᠨ ᠲᠥᠷᠥᠯ ᠵᠦᠢ᠍ᠯ᠎ᠤᠨ ᠳᠤᠭᠤᠢ᠌ᠯᠠᠩ᠎ᠤᠨ ᠪᠦᠷᠢᠯᠳᠦᠭᠦᠨ ᠨᠢᠭᠡᠴᠢ ᠪᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠣᠮ᠎ᠤᠨ ᠰᠠᠩ᠂ ᠠᠯᠤᠰ᠎ᠤᠨ ᠪᠠᠷ᠎ᠠ ᠬᠡᠪᠯᠡᠯ᠎ᠤᠨ ᠬᠣᠷᠢᠶ᠎ᠠ ᠵᠢᠨ ᠬᠠᠷᠢᠭᠤᠴᠠᠯᠭ᠋ᠠᠲᠠᠨ ᠪᠠ ᠨᠠᠢ᠌ᠷᠠᠭᠤᠯᠬᠤ ᠺᠣᠮᠢᠰ᠎ᠤᠨ ᠪᠦᠷᠢᠯᠳᠦᠭᠦᠨ᠎ᠢ ᠵᠣᠬᠢᠶᠠᠨ ᠪᠠᠢ᠌ᠭᠤᠯᠵᠤ ᠬᠡᠪᠯᠡᠯ᠎ᠤᠨ ᠦᠢ᠍ᠯᠡᠳᠪᠦᠷᠢ᠎ᠳᠤ ᠬᠦᠷᠴᠦ ᠲᠤᠬᠠᠢ ᠵᠢᠨ ᠭᠠᠵᠠᠷ᠎ᠲᠤᠨᠢ ᠠᠵᠢᠯ᠎ᠢ᠎ᠨᠢ ᠵᠣᠬᠢᠴᠠᠭᠤᠯᠤᠨ ᠠᠬᠢᠭᠤᠯᠪᠠ᠃
《ᠶᠡᠭᠡ ᠬᠦᠯᠭᠡᠨ ᠰᠤᠳᠤᠷ · ᠭᠠᠨᠵᠤᠤᠷ》᠎ᠤᠨ ᠡᠷᠲᠡᠨ᠎ᠤ ᠬᠠᠭᠤᠯᠪᠤᠷᠢ ᠵᠢᠨ ᠹᠤᠲ᠋ᠤ᠋ ᠬᠡᠪᠯᠡᠯ᠎ᠤᠨ ᠲᠥᠷᠥᠯ ᠵᠦᠢ᠍ᠯ ᠪᠣᠯ ᠴᠥᠭᠡᠨ ᠲᠣᠭ᠋ᠠᠲᠤ ᠦᠨᠳᠦᠰᠦᠲᠡᠨ᠎ᠤ ᠤᠰᠠᠳᠬᠤ ᠰᠢᠬᠠᠭᠰᠠᠨ᠂ ᠬᠣᠪᠣᠷ ᠴᠤᠬᠠᠭ ᠰᠤᠳᠤᠷ ᠪᠢᠴᠢᠭ᠎ᠤᠨ ᠬᠡᠪᠯᠡᠯ᠎ᠢ ᠠᠪᠤᠷᠠᠨ ᠬᠠᠮᠠᠭ᠋ᠠᠯᠠᠬᠤ ᠭᠣᠣᠯᠳᠠᠯᠭ᠎ᠠ᠎ᠲᠠᠢ ᠢᠨᠵᠧᠨᠧᠷᠢᠩ ᠪᠣᠯᠣᠨ᠎ᠠ᠂ ᠲᠣᠰ ᠲᠥᠷᠥᠯ ᠵᠦᠢ᠍ᠯ᠎ᠳᠤ ᠡᠮᠬᠢᠳᠬᠡᠨ ᠬᠡᠪᠯᠡᠭᠦᠯᠦᠭᠰᠡᠨ ᠠᠯᠳᠠᠨ 《ᠭᠠᠨᠵᠤᠤᠷ》᠎ᠤᠨ ᠪᠢᠴᠢᠭᠳᠡᠭᠰᠡᠨ ᠣᠨ ᠵᠢᠯ᠎ᠨᠢ ᠪᠡᠭᠡᠵᠢᠩ᠎ᠤᠨ ᠮᠣᠳᠣᠨ᠎ᠪᠠᠷ᠎ᠤᠨ 《ᠭᠠᠨᠵᠤᠤᠷ》 ᠠᠴᠠ ᠡᠷᠲᠡ᠂ ᠠᠭᠤᠯᠭ᠎ᠠ᠎ᠨᠢ ᠴᠦ᠍ ᠣᠨᠳᠣᠣ ᠪᠠᠢ᠌ᠵᠦ᠂ ᠤᠯᠤᠰ᠎ᠤᠨ ᠳᠣᠲᠣᠭ᠋ᠠᠳᠤ ᠵᠢᠨ ᠮᠦᠽᠧᠢ᠎ᠳᠤ ᠬᠠᠳᠠᠭ᠋ᠠᠯᠠᠭᠳᠠᠵᠤ ᠪᠠᠢ᠌ᠭ᠎ᠠ ᠥᠨᠥᠴᠢᠨ ᠳᠡᠪᠲᠡᠷ ᠪᠤᠯᠬᠤᠷ ᠲᠡᠭᠦᠨ᠎ᠢ ᠠᠪᠤᠷᠠᠨ ᠬᠠᠮᠠᠭ᠋ᠠᠯᠠᠬᠤ ᠪᠠ ᠠᠭᠤᠳᠠᠯᠤᠨ ᠰᠤᠳᠤᠯᠬᠤ ᠠᠴᠢ ᠬᠣᠯᠪᠣᠭᠳᠠᠯ ᠪᠠ ᠦᠨ᠎ᠡ ᠥᠷᠲᠡᠭ᠎ᠨᠢ ᠨᠠᠩ ᠶᠡᠬᠡ ᠶᠤᠮ᠃
ᠬᠠᠮᠲᠤᠷᠠᠯᠴᠠᠭ᠋ᠠᠨ᠎ᠤ ᠨᠢᠭᠡᠴᠢ ᠵᠢᠨ ᠬᠠᠮᠲᠤ ᠵᠢᠨ ᠴᠢᠷᠮᠠᠢ᠌ᠯᠭ᠎ᠠ᠎ᠪᠠᠷ᠂ ᠲᠦᠷᠦᠯ ᠵᠦᠢ᠍ᠯ᠎ᠤᠨ ᠳᠤᠭᠤᠢ᠌ᠯᠠᠩ᠎ᠤᠨ᠎ᠬᠢᠨ 《ᠶᠡᠬᠡ ᠬᠦᠯᠭᠡᠨ ᠰᠤᠳᠤᠷ · ᠭᠠᠨᠵᠤᠤᠷ》 ᠲᠦᠷᠦᠯ ᠵᠦᠢ᠍ᠯ᠎ᠤᠨ ᠰᠤᠳᠤᠷ ᠪᠢᠴᠢᠭ᠎ᠤᠨ ᠤᠭ ᠮᠠᠲᠸᠷᠢᠶᠠᠯ᠎ᠢ ᠳ᠋ᠢᠬᠢᠲᠴᠢᠯᠠᠨ ᠪᠤᠯᠪᠠᠰᠤᠷᠠᠭᠤᠯᠬᠤ᠂ ᠭᠠᠷᠴᠠᠭᠯᠠᠨ ᠣᠷᠴᠢᠭᠤᠯᠬᠤ᠂ ᠪᠠᠷᠯᠠᠨ ᠵᠢᠷᠤᠵᠤ ᠲᠥᠯᠥᠪᠯᠡᠬᠦ᠂ ᠨᠣᠮ᠎ᠤᠨ ᠳ᠋ᠤᠭ᠋ᠠᠷ ᠭᠤᠶᠤᠴᠢᠯᠠᠬᠤ ᠪᠠ ᠡᠬᠡ ᠪᠢᠴᠢᠭ᠎ᠢ ᠬᠢᠨᠠᠨ ᠬᠠᠷᠭᠤᠭᠤᠯᠬᠤ ᠵᠡᠷᠭᠡ ᠠᠵᠢᠯ᠎ᠢ ᠵᠡᠷᠭᠡ᠎ᠪᠠᠷ ᠠᠬᠢᠭᠤᠯᠪᠠ᠃ ᠣᠲᠣ ᠨᠢᠭᠡᠨᠲᠡ ᠠᠯᠲᠠᠨ 《ᠭᠠᠨᠵᠤᠤᠷ》᠎ᠤᠨ 1- 20 ᠳ᠋ᠤᠭ᠋ᠠᠷ ᠪᠣᠳᠢ ᠵᠢᠨ ᠡᠮᠦᠨᠡᠬᠢ ᠬᠤᠭᠤᠴᠠᠭ᠋ᠠᠨ᠎ᠤ ᠡᠯ᠎ᠡ ᠲᠥᠷᠥᠯ᠎ᠤᠨ ᠪᠡᠯᠡᠳᠬᠡᠯ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠵᠦ ᠬᠡᠪᠯᠡᠬᠦ᠎ᠪᠠᠷ ᠪᠡᠯᠡᠨ ᠪᠣᠯᠪᠠ᠂ ᠬᠡᠪᠯᠡᠯ᠎ᠤᠨ ᠦᠢ᠍ᠯᠡᠳᠪᠦᠷᠢ ᠵᠢᠨ ᠠᠵᠢᠯ᠎ᠤᠨ ᠲᠣᠬᠢᠷᠠᠭᠤᠯᠤᠯᠲᠠ᠎ᠪᠠᠷ 3 ᠰᠠᠷ᠎ᠠ ᠵᠢᠨ ᠳᠣᠲᠣᠷ᠎ᠠ ᠠᠯᠲᠠᠨ 《ᠭᠠᠨᠵᠤᠤᠷ》᠎ᠤᠨ 14 ᠲᠤᠭᠲᠤᠢ (20 ᠪᠣᠳᠢ) ᠵᠢᠨ ᠬᠡᠪᠯᠡᠨ ᠪᠣᠭᠣᠳᠠᠯᠯᠠᠭᠰᠠᠨ ᠪᠦᠲᠦᠭᠡᠭᠳᠡᠬᠦᠨ᠎ᠢ ᠲᠤᠰᠢᠶᠠᠵᠤ ᠥᠭᠬᠦ᠎ᠪᠠᠷ ᠵᠢᠱ᠌ᠢᠵᠦ ᠪᠣᠶ᠃

ᠣᠷᠴᠢᠭᠤᠯᠤᠭᠴᠢ᠄ ᠤᠷᠢᠬᠠᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ