ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠶ᠎ᠠ — ᠦᠨᠳᠦᠰᠦᠲᠡᠨ᠎ᠤ ᠰᠤᠳᠤᠷ ᠪᠢᠴᠢᠭ᠎ᠤᠨ ᠲᠤᠬᠠᠢ ᠶᠠᠷᠢᠯᠴᠠᠭ᠎ᠠ》 ᠭᠡᠬᠦ ᠲᠤᠰᠬᠠᠢ ᠰᠡᠳᠦᠪᠲᠦ ᠤᠬᠠᠭᠤᠯᠭ᠎ᠠ ᠵᠢᠨ ᠹᠢᠯᠢᠮ ᠲᠤᠰᠬᠠᠢ ᠮᠡᠷᠭᠡᠵᠢᠯᠲᠡᠨ᠎ᠤ ᠠᠩᠬᠠᠨ᠎ᠤ ᠬᠢᠨᠠᠯᠲᠠ ᠵᠢ ᠦᠩᠭᠡᠷᠡᠬᠦᠯᠪᠡ
ᠨᠡᠶ᠋ᠢᠲᠡᠯᠡᠭᠰᠡᠨ ᠴᠠᠭ᠄ 2024-01-04

      2023 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ ᠎ᠠᠴᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠶ᠎ᠠ — ᠦᠨᠳᠦᠰᠦᠲᠡᠨ᠎ᠤ ᠰᠤᠳᠤᠷ ᠪᠢᠴᠢᠭ᠎ᠤᠨ ᠲᠤᠬᠠᠢ ᠶᠠᠷᠢᠯᠴᠠᠭ᠎ᠠ》 ᠭᠡᠬᠦ ᠲᠤᠰᠬᠠᠢ ᠰᠡᠳᠦᠪᠲᠦ ᠤᠬᠠᠭᠤᠯᠭ᠎ᠠ ᠵᠢᠨ ᠹᠢᠯᠢᠮ᠎ᠢ ᠦᠨᠡᠯᠡᠨ ᠬᠢᠨᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ᠂ ᠥᠪᠥᠷ ᠮᠣᠩᠭᠣᠯ᠎ᠤᠨ ᠨᠡᠢ᠌ᠭᠡᠮ ᠵᠢᠷᠤᠮᠲᠤ ᠳᠡᠭᠡᠳᠦ ᠰᠤᠷᠭ᠋ᠠᠭᠤᠯᠢ ᠵᠡᠷᠭᠡ ᠨᠢᠭᠡᠴᠢ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ᠂ ᠦᠢ᠍ᠯᠡᠳᠦᠭᠰᠡᠨ ᠪᠦᠯᠬᠦᠮ᠎ᠲᠠᠢ ᠬᠠᠮᠲᠤ᠎ᠪᠠᠷ 《ᠦᠨᠳᠦᠰᠦᠲᠡᠨ᠎ᠤ ᠰᠤᠳᠤᠷ ᠪᠢᠴᠢᠭ᠎ᠤᠨ ᠲᠤᠬᠠᠢ ᠶᠠᠷᠢᠯᠴᠠᠭ᠎ᠠ》 ᠭᠡᠬᠦ ᠲᠤᠰᠬᠠᠢ ᠰᠡᠳᠦᠪᠲᠦ ᠤᠬᠠᠭᠤᠯᠭ᠎ᠠ ᠵᠢᠨ ᠥᠯᠢᠭᠡᠷ ᠹᠢᠯᠢᠮ᠎ᠢ ᠦᠵᠡᠭᠦᠯᠵᠦ᠂ ᠲᠤᠰᠬᠠᠢ ᠰᠡᠳᠦᠪᠲᠦ ᠤᠬᠠᠭᠤᠯᠭ᠎ᠠ ᠵᠢᠨ ᠹᠢᠯᠢᠮ᠎ᠤᠨ ᠭᠣᠣᠯ ᠰᠡᠳᠦᠪ᠂ ᠪᠦᠲᠦᠴᠡ᠂ ᠠᠭᠤᠯᠭ᠎ᠠ᠂ ᠵᠢᠷᠤᠭ ᠲᠦᠷᠰᠦ᠂ ᠰᠡᠭᠦᠯᠴᠢ ᠵᠢᠨ ᠬᠤᠭᠤᠴᠠᠭ᠋ᠠᠨ᠎ᠤ ᠦᠢ᠍ᠯᠡᠳᠬᠡᠯ᠂ ᠲᠠᠢ᠌ᠯᠪᠤᠷᠢᠯᠠᠭᠰᠠᠨ ᠦᠭᠡ ᠵᠡᠷᠭᠡ ᠲᠠᠯ᠎ᠠ ᠵᠢ ᠨᠢᠭᠡᠳ ᠨᠢᠭᠡ᠎ᠪᠠᠷ ᠬᠢᠨᠠᠨ ᠬᠠᠷᠭᠤᠭᠤᠯᠪᠠ᠃

W020231220427983309868.png 
     

      ᠡᠨᠡ ᠵᠢᠯ᠎ᠤᠨ ᠡᠬᠢᠨ᠎ᠠᠴᠠ ᠲᠣᠰ ᠲᠤᠰᠬᠠᠢ ᠰᠡᠳᠦᠪᠲᠦ ᠤᠬᠠᠭᠤᠯᠭ᠎ᠠ ᠵᠢᠨ ᠹᠢᠯᠢᠮ᠎ᠢ ᠰᠡᠭᠦᠳᠡᠷᠯᠡᠵᠦ ᠡᠬᠢᠯᠡᠭᠰᠡᠨ᠎ᠠᠴᠠ ᠨᠠᠭ᠋ᠠᠰᠢ᠂ ᠰᠤᠳᠤᠷ ᠪᠢᠴᠢᠭ ᠰᠤᠳᠤᠯᠬᠤ ᠲᠠᠰᠤᠭ᠎ᠤᠨ ᠬᠠᠮᠢᠶ᠎ᠠ ᠪᠦᠬᠦᠢ ᠠᠵᠢᠯᠲᠠᠨ ᠪᠣᠯᠣᠨ ᠦᠢ᠍ᠯᠡᠳᠬᠦ ᠪᠦᠯᠬᠦᠮ᠎ᠤᠨ᠎ᠬᠢᠨ ᠬᠠᠮᠲᠤ᠎ᠪᠠᠷ ᠪᠡᠭᠡᠵᠢᠩ᠂ ᠬᠥᠬᠡᠬᠣᠲᠠ᠂ ᠬᠥᠯᠥᠨ ᠪᠣᠶ᠋ᠢᠷ᠂ ᠤᠯᠠᠭ᠋ᠠᠨᠬᠠᠳᠠ᠂ ᠠᠯᠠᠱ᠌ᠠ ᠵᠡᠷᠭᠡ ᠠᠢ᠌ᠮᠠᠭ ᠬᠣᠲᠠ ᠵᠢᠨ ᠦᠨᠳᠦᠰᠦᠲᠡᠨ᠎ᠤ  ᠰᠤᠳᠤᠷ ᠪᠢᠴᠢᠭ ᠬᠠᠳᠠᠭ᠋ᠠᠯᠠᠵᠤ ᠪᠠᠢ᠌ᠭ᠎ᠠ ᠨᠢᠭᠡᠴᠢ᠂ ᠰᠣᠶᠣᠯ ᠬᠠᠭᠤᠴᠢᠳ᠎ᠤᠨ ᠦᠵᠡᠬᠦᠯᠭᠡ ᠵᠢ ᠰᠡᠬᠦᠳᠡᠷᠯᠡᠵᠦ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠰᠤᠷᠪᠤᠯᠵᠢᠯᠠᠵᠤ᠂ ᠠᠩᠬ᠎ᠠ ᠠᠯᠬᠤᠮ ᠦᠢ᠍ᠯᠡᠳᠴᠦ ᠳᠠᠭᠤᠰᠬᠠᠵᠠᠢ᠃ ᠦᠨᠡᠯᠡᠨ ᠬᠢᠨᠠᠬᠤ ᠬᠤᠷᠠᠯ᠎ᠤᠨ ᠲᠤᠰᠬᠠᠢ ᠮᠡᠷᠭᠡᠵᠢᠯᠲᠡᠳ ᠲᠣᠰ ᠲᠤᠰᠬᠠᠢ ᠰᠡᠳᠦᠪᠲᠦ ᠤᠬᠠᠭᠤᠯᠭ᠎ᠠ ᠵᠢᠨ ᠹᠢᠯᠢᠮ᠎ᠤᠨ ᠠᠭᠤᠯᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠲᠠᠢ ᠨᠢᠭᠳᠠ ᠤᠶᠠᠯᠳᠤᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ ᠠᠴᠢᠶᠠᠯᠠᠭᠰᠠᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠪᠣᠳᠠᠲᠤ ᠬᠡᠷᠡᠭ᠎ᠢ ᠠᠮᠢᠳᠤᠯᠢᠭ ᠵᠶ᠋ᠠᠷ ᠢᠯᠡᠷᠡᠭᠦᠯᠵᠦ᠂ ᠰᠡᠭᠦᠳᠡᠷᠯᠡᠭᠰᠡᠨ᠎ᠨᠢ ᠮᠡᠷᠭᠡᠵᠢᠯᠲᠡᠢ᠂ ᠦᠢ᠍ᠯᠡᠳᠬᠡᠯ᠂ ᠲᠠᠢ᠌ᠯᠪᠤᠷᠢᠯᠠᠯᠲᠠ᠎ᠨᠢ ᠵᠣᠬᠢᠰᠲᠠᠢ ᠪᠣᠯᠵᠠᠢ ᠭᠡᠵᠦ ᠰᠠᠨᠠᠯ ᠨᠢᠭᠡᠲᠡᠢ ᠦᠵᠡᠭᠰᠡᠨ ᠪᠥᠭᠡᠳ ᠹᠢᠯᠢᠮ᠎ᠤᠨ ᠡᠬᠢᠯᠡᠯᠲᠡ᠂ ᠲᠤᠰᠬᠠᠢ ᠮᠡᠷᠭᠡᠵᠢᠯᠲᠡᠨ᠎ᠢ ᠰᠡᠭᠦᠳᠡᠷᠯᠡᠭᠰᠡᠨ ᠵᠡᠷᠭᠡ ᠲᠠᠯ᠎ᠠ᠎ᠪᠠᠷ ᠵᠠᠰᠠᠪᠤᠷᠢ ᠣᠷᠣᠭᠤᠯᠬᠤ ᠰᠠᠨᠠᠯ ᠳᠤᠷᠠᠳᠤᠭᠰᠠᠨ ᠪᠠᠢ᠌ᠨ᠎ᠠ᠃
      ᠲᠠᠷᠠᠭ᠋ᠠᠴᠢ ᠵᠢᠨ ᠠᠯᠬᠤᠮ᠎ᠳᠤ᠂ ᠰᠤᠳᠤᠷ ᠪᠢᠴᠢᠭ ᠰᠤᠳᠤᠯᠬᠤ ᠲᠠᠰᠤᠭ᠎ᠤᠨ ᠬᠠᠮᠢᠶ᠎ᠠ ᠪᠦᠬᠦᠢ ᠠᠵᠢᠯᠲᠠᠨ ᠦᠨᠡᠯᠡᠨ ᠬᠢᠨᠠᠵᠤ ᠵᠠᠰᠠᠪᠤᠷᠢ ᠣᠷᠣᠭᠤᠯᠤᠭᠰᠠᠨ ᠰᠠᠨᠠᠯ ᠶᠣᠰᠣ᠎ᠪᠠᠷ᠂ ᠦᠢ᠍ᠯᠡᠳᠬᠦ ᠪᠦᠯᠬᠦᠮ᠎ᠢ ᠵᠣᠬᠢᠶᠠᠨ ᠪᠠᠢ᠌ᠭᠤᠯᠤᠨ ᠵᠢᠯᠤᠭᠣᠳᠴᠤ ᠪᠠᠢ᠌ᠭ᠋ᠠᠳ ᠲᠤᠰᠬᠠᠢ ᠰᠡᠳᠦᠪᠲᠦ ᠤᠬᠠᠭᠤᠯᠭ᠎ᠠ ᠵᠢᠨ ᠹᠢᠯᠢᠮ᠎ᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠵᠠᠭᠤᠴᠢᠯᠠᠭᠤᠷ᠎ᠲᠤ ᠲᠠᠨᠢᠯᠴᠠᠭᠤᠯᠤᠨ ᠨᠡᠪᠲᠡᠷᠡᠭᠦᠯᠦᠨ᠎ᠡ᠃



           ᠣᠷᠴᠢᠭᠤᠯᠤᠭᠴᠢ᠄ ᠤᠷᠢᠬᠠᠨ
            ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
            ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ


 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ