
ᠤᠳᠬ᠎ᠠ ᠤᠷᠠᠯᠢᠭ᠎ᠤᠨ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠰᠠᠨ ᠠᠷᠪᠠᠨ ᠵᠢᠯ᠎ᠤᠨ ᠣᠶ ᠵᠢᠨ ᠲᠠᠰᠢᠷᠠᠮ ᠵᠶ᠋ᠠᠷ᠂ 2024 ᠣᠨ᠎ᠤ 9 ᠳ᠋ᠦ᠍ᠭᠡᠷ ᠰᠠᠷ᠎ᠠ ᠵᠢᠨ 8᠎ᠠᠴᠠ 11᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠳᠤᠮᠳᠠᠳᠤ ᠤᠯᠤᠰ᠎ᠤᠨ ᠠᠷᠠᠳ᠎ᠤᠨ ᠤᠷᠠᠯᠢᠭᠴᠢᠳ᠎ᠤᠨ ᠨᠡᠢ᠌ᠭᠡᠮᠯᠢᠭ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠂ ᠰᠢᠨᠵᠢᠶᠠᠩ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠎ᠠᠴᠠ ᠭᠣᠤᠯᠯᠠᠨ ᠡᠷᠬᠢᠯᠡᠭᠰᠡᠨ᠂ ᠪᠡᠭᠡᠵᠢᠩ ᠶᠡᠬᠡ ᠰᠤᠷᠭ᠋ᠠᠭᠤᠯᠢ ᠵᠢᠨ ᠭᠠᠳᠠᠭ᠋ᠠᠳᠤ ᠬᠡᠯᠡᠨ᠎ᠤ ᠳᠡᠭᠡᠳᠦ ᠰᠤᠷᠭ᠋ᠠᠭᠤᠯᠢ᠂ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠤᠳᠬ᠎ᠠ ᠵᠣᠬᠢᠶᠠᠯ᠎ᠤᠨ ᠳᠡᠭᠡᠳᠦ ᠰᠤᠷᠭ᠋ᠠᠭᠤᠯᠢ᠂ ᠤᠯᠤᠰ᠎ᠤᠨ ᠶᠡᠬᠡ ᠲᠢᠶᠠᠲ᠋ᠠᠷ᠎ᠤᠨ ᠤᠷᠠᠯᠢᠭ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠎ᠤᠨ ᠬᠡᠯᠲᠡᠰ᠂ ᠰᠢᠨᠵᠢᠶᠠᠩ᠎ᠤᠨ ᠠᠷᠠᠳ᠎ᠤᠨ ᠤᠷᠠᠯᠢᠭᠴᠢᠳ᠎ᠤᠨ ᠨᠡᠢ᠌ᠭᠡᠮᠯᠢᠭ᠎ᠠᠴᠠ ᠳᠠᠭ᠋ᠠᠭ᠋ᠠᠴᠢᠯᠠᠨ ᠡᠷᠭᠢᠯᠡᠭᠰᠡᠨ 《ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ ᠵᠢᠨ ᠤᠢ᠌ᠷ᠎ᠠ ᠵᠢᠨ ᠠᠷᠪᠠᠨ ᠵᠢᠯ ᠵᠢᠴᠢ ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ ᠵᠢᠨ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ》 ᠪᠡᠭᠡᠵᠢᠩ᠎ᠳᠤ ᠶᠠᠪᠤᠭᠳᠠᠪᠠ᠃
ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ ᠰᠡᠴᠡᠨᠪᠠᠲᠤ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠤᠳᠤᠯᠤᠭᠴᠢ ᠠᠳᠢᠯᠢ ᠵᠢᠥ᠋ᠮᠠᠲ᠋ᠦ᠋ᠷᠳ᠋᠂ ᠪᠡᠭᠡᠵᠢᠩ ᠶᠡᠬᠡ ᠰᠤᠷᠭ᠋ᠠᠭᠤᠯᠢ ᠵᠢᠨ ᠫᠷᠤᠹᠸᠰᠰᠤᠷ ᠴᠧᠨ ᠭᠠᠩ ᠯᠦᠩ ᠨᠠᠷ ᠭᠤᠷᠪᠠᠨ ᠲᠤᠮᠤ ᠲᠤᠤᠯᠢ ᠵᠢᠨ ᠲᠤᠬᠠᠢ ᠶᠠᠷᠢᠯᠴᠠᠪᠠ᠃
9 ᠳ᠋ᠦ᠍ᠭᠡᠷ ᠰᠠᠷ᠎ᠠ ᠵᠢᠨ 8᠎ᠤ ᠡᠳᠦᠷ᠎ᠤᠨ ᠠᠩᠬᠠᠨ᠎ᠤ ᠲᠠᠯᠠᠪᠤᠷ ᠠᠵᠢᠯᠯᠠᠭ᠎ᠠ᠎ᠳᠤ ᠰᠢᠨᠵᠢᠶᠠᠩ᠂ ᠬᠥᠬᠡᠨᠠᠭᠤᠷ᠎ᠠᠴᠠ ᠢᠷᠡᠭᠰᠡᠨ 《ᠭᠡᠰᠡᠷ》᠂ 《ᠮᠠᠨᠠᠰ》᠂ 《ᠵᠠᠩᠭ᠋ᠠᠷ》 ᠭᠤᠷᠪᠠᠨ ᠲᠤᠮᠤ ᠲᠤᠤᠯᠢ ᠵᠢᠨ ᠤᠯᠠᠮᠵᠢᠯᠠᠭᠴᠢᠳ ᠤᠯᠤᠰ᠎ᠤᠨ ᠶᠡᠬᠡ ᠲᠢᠶᠠᠲ᠋ᠠᠷ᠎ᠲᠤ ᠠᠬᠤᠢ ᠲᠠᠯᠠᠪᠠᠢ ᠵᠢᠨ ᠲᠣᠭᠯᠠᠯᠲᠠ ᠭᠠᠷᠭ᠋ᠠᠪᠠ᠂ ᠲᠤᠤᠯᠢ ᠵᠢᠨ ᠴᠠᠷᠠᠭ᠎ᠠ ᠬᠦᠷᠢᠶᠡᠨ᠎ᠤ ᠲᠤᠰᠬᠠᠢ ᠮᠡᠷᠭᠡᠵᠢᠯᠲᠡᠨ ᠡᠷᠳᠡᠮᠲᠡᠨ ᠴᠤᠭᠯᠠᠷᠠᠵᠤ᠂ ᠲᠤᠬᠠᠢ ᠵᠢᠨ ᠲᠠᠯᠠᠪᠠᠢ᠎ᠳᠤ ᠬᠦᠷ ᠬᠥᠭᠵᠢᠶᠡᠨ ᠵᠶ᠋ᠡᠷ ᠪᠢᠯᠬᠠᠵᠤ᠂ ᠰᠣᠯᠢᠯᠴᠠᠨ ᠦᠢ᠍ᠯᠡᠳᠦᠯᠴᠡᠬᠦ ᠳᠤᠮᠳᠠ ᠲᠤᠤᠯᠢ ᠵᠢᠨ ᠴᠢᠬᠤᠯᠠ ᠰᠣᠶᠣᠯ᠎ᠤᠨ ᠦᠨ᠎ᠡ ᠦᠷᠳᠡᠭ᠎ᠢ ᠣᠢ᠌ᠯᠠᠭ᠋ᠠᠵᠤ᠂ ᠰᠢᠨ᠎ᠡ ᠴᠠᠭ ᠦᠶ᠎ᠡ ᠵᠢᠨ ᠲᠤᠤᠯᠢ ᠵᠢᠨ ᠰᠣᠶᠣᠯ᠎ᠤᠨ ᠪᠦᠲᠦᠭᠡᠯᠴᠢ ᠴᠢᠨᠠᠷᠲᠠᠢ ᠤᠯᠠᠷᠢᠭᠤᠯᠤᠯᠲᠠ ᠪᠣᠯᠤᠨ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ᠎ᠳᠤ ᠬᠦᠴᠦᠨ ᠨᠡᠮᠡᠷᠢᠯᠡᠪᠡ᠃
ᠭᠤᠷᠪᠠᠨ ᠶᠡᠬᠡ ᠲᠤᠤᠯᠢ ᠵᠢᠨ ᠭᠣᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠤᠨ ᠠᠬᠤᠶ ᠲᠠᠯᠠᠪᠠᠶ ᠵᠢᠨ ᠭᠡᠷᠡᠯ ᠵᠢᠷᠤᠭ
9 ᠳ᠋ᠦ᠍ᠭᠡᠷ ᠰᠠᠷ᠎ᠠ ᠵᠢᠨ 10᠎ᠤ ᠡᠳᠦᠷ᠂ 《ᠭᠡᠰᠡᠷ》᠂ 《ᠮᠠᠨᠠᠰ》᠂ 《ᠵᠠᠩᠭ᠋ᠠᠷ》᠎ᠤᠨ ᠤᠯᠠᠮᠵᠢᠯᠠᠭᠴᠢᠳ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠳᠤ ᠬᠦᠷᠴᠦ ᠬᠠᠮᠲᠤ ᠵᠢᠨ ᠲᠣᠭᠯᠠᠯᠲᠠ ᠭᠠᠷᠭ᠋ᠠᠪᠠ᠂ ᠲᠤᠤᠯᠢ ᠵᠢᠨ ᠴᠠᠷᠠᠭ᠎ᠠ ᠬᠦᠷᠢᠶᠡᠨ᠎ᠤ ᠲᠤᠰᠬᠠᠶ ᠮᠡᠷᠭᠡᠵᠢᠯᠲᠡᠨ ᠡᠷᠳᠡᠮᠲᠡᠳ ᠲᠤᠤᠯᠢ ᠵᠢ ᠴᠢᠨᠠᠷ ᠰᠠᠢ᠌ᠲᠠᠶ ᠤᠯᠠᠮᠵᠢᠯᠠᠨ ᠬᠥᠭᠵᠢᠭᠦᠯᠬᠦ ᠵᠡᠷᠭᠡ ᠠᠰᠠᠭᠤᠳᠠᠯ᠎ᠤᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠪᠡ᠃ ᠲᠤᠰᠬᠠᠶ ᠮᠡᠷᠭᠡᠵᠢᠯᠲᠡᠳ᠎ᠠᠴᠠ ᠤᠯᠠᠮᠵᠢᠯᠠᠭᠴᠢᠳ᠎ᠤᠨ ᠠᠬᠤᠶ ᠲᠠᠯᠠᠪᠠᠶ ᠵᠢᠨ ᠲᠣᠭᠯᠠᠯᠲᠠ ᠣᠷᠭᠢᠯᠤᠮ᠎ᠠ ᠬᠠᠯᠠᠭᠤᠨ ᠰᠡᠳᠬᠢᠯᠭᠡ᠎ᠲᠠᠢ ᠪᠠᠢ᠌ᠵᠤ᠂ ᠭᠠᠷᠤᠨ ᠳᠣᠬᠢᠶᠠᠨ᠎ᠤ ᠬᠥᠳᠡᠯᠦᠯ᠎ᠢ ᠬᠠᠪᠰᠤᠷᠭ᠋ᠠᠭᠰᠠᠨ᠎ᠠᠴᠠ ᠪᠢᠳᠡᠨ᠎ᠳᠤ ᠲᠤᠤᠯᠢ ᠵᠢᠨ ᠷᠢᠳᠢ ᠰᠢᠳᠢ ᠵᠢ ᠨᠠᠩ ᠭᠦᠨᠵᠡᠭᠡᠶ ᠣᠢ᠌ᠯᠠᠭ᠋ᠠᠭᠤᠯᠵᠤ᠂ ᠲᠣᠭᠯᠠᠯᠲᠠ ᠵᠢᠨ ᠳᠠᠭᠤᠨ᠎ᠳᠤ ᠲᠤᠤᠯᠢ ᠵᠢᠨ ᠶᠢᠷᠲᠢᠨᠴᠦ᠎ᠳᠤ ᠣᠷᠣᠭᠰᠠᠨ ᠰᠢᠭ᠋ ᠪᠣᠯᠵᠠᠶ ᠭᠡᠪᠡ᠃ ᠰᠤᠳᠤᠯᠤᠨ ᠶᠠᠷᠢᠯᠴᠠᠬᠤ ᠦᠶ᠎ᠡ᠎ᠳᠤ ᠲᠤᠤᠯᠢ ᠵᠢᠨ ᠴᠠᠷᠠᠭ᠎ᠠ ᠬᠦᠷᠢᠶᠡᠨ᠎ᠤ ᠲᠤᠰᠬᠠᠶ ᠮᠡᠷᠭᠡᠵᠢᠯᠲᠡᠨ ᠡᠷᠳᠡᠮᠲᠡᠳ 《ᠣᠷᠣᠨ ᠨᠤᠲᠤᠭ᠎ᠤᠨ ᠰᠣᠶᠣᠯ᠎ᠤᠨ ᠤᠯᠠᠮᠵᠢᠯᠠᠯ ᠪᠠ ᠬᠥᠭᠵᠢᠯᠲᠡ》᠂ 《ᠲᠤᠤᠯᠢ ᠵᠢᠨ ᠤᠯᠠᠮᠵᠢᠯᠠᠨ ᠳᠡᠯᠭᠡᠷᠡᠭᠦᠯᠬᠦ ᠰᠣᠯᠢᠯᠴᠠᠭ᠋ᠠᠨ᠎ᠤ ᠥᠷᠲᠡᠭ》᠂ 《ᠤᠯᠠᠮᠵᠢᠯᠠᠭᠴᠢ ᠵᠢᠨ ᠤᠯᠠᠷᠢᠨ ᠬᠦᠭᠵᠢᠯᠲᠡ ᠳᠤᠮᠳᠠᠬᠢ ᠪᠠᠲᠤ ᠰᠠᠬᠢᠯᠲᠠ ᠪᠠ ᠰᠢᠨ᠎ᠡ ᠡᠭᠦᠳᠦᠯᠲᠡ》 ᠵᠡᠷᠭᠡ ᠰᠡᠳᠦᠪ᠎ᠤᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠵᠦ᠂ ᠰᠢᠨ᠎ᠡ ᠴᠠᠭ ᠦᠶ᠎ᠡ ᠵᠢᠨ ᠲᠤᠤᠯᠢ ᠵᠢᠨ ᠴᠢᠨᠠᠷ ᠰᠠᠢ᠌ᠲᠠᠶ ᠤᠯᠠᠮᠵᠢᠯᠠᠨ ᠬᠥᠭᠵᠢᠭᠦᠯᠬᠦ ᠲᠤᠬᠠᠶ ᠰᠠᠨᠠᠭᠤᠯᠭ᠎ᠠ ᠳᠤᠷᠠᠳᠪᠠ᠃

ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ ᠵᠢᠨ ᠣᠢ᠌ᠷ᠎ᠠ ᠵᠢᠨ ᠠᠷᠪᠠᠨ ᠵᠢᠯ ᠵᠢᠴᠢ ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ ᠵᠢᠨ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ᠎ᠳᠤ ᠶᠠᠪᠤᠭᠳᠠᠪᠠ᠃
9 ᠳ᠋ᠦ᠍ᠭᠡᠷ ᠰᠠᠷ᠎ᠠ ᠵᠢᠨ 9 ᠪᠠ 11᠎ᠤ ᠡᠳᠦᠷ᠂ 《ᠭᠡᠰᠡᠷ》᠂ 《ᠮᠠᠨᠠᠰ》᠂ 《ᠵᠠᠩᠭ᠋ᠠᠷ》᠎ᠤᠨ ᠤᠯᠠᠮᠵᠢᠯᠠᠭᠴᠢᠳ ᠤᠷᠢᠳ ᠬᠣᠵᠢᠳ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠪᠠ ᠪᠡᠭᠡᠵᠢᠩ ᠶᠡᠬᠡ ᠰᠤᠷᠭ᠋ᠠᠭᠤᠯᠢ᠎ᠳᠤ ᠬᠦᠷᠴᠦ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠲᠤ ᠭᠣᠢ᠌ᠳᠠ ᠰᠠᠢ᠌ᠬᠠᠨ ᠠᠬᠤᠶ ᠲᠠᠯᠠᠪᠠᠶ ᠵᠢᠨ ᠲᠣᠭᠯᠠᠯᠲᠠ ᠰᠣᠨᠢᠷᠬᠠᠭᠤᠯᠪᠠ᠃ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠤᠳᠤᠯᠤᠭᠴᠢ ᠠᠳᠢᠯᠢ ᠵᠢᠥ᠋ᠮᠠᠲ᠋ᠦ᠋ᠷᠳ᠋᠂ ᠨᠤᠷᠪᠤᠸᠠᠩᠳᠠᠨ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠤᠳᠤᠯᠤᠭᠴᠢ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ ᠰᠡᠴᠡᠨᠪᠠᠲᠤ᠂ ᠪᠡᠭᠡᠵᠢᠩ ᠶᠡᠬᠡ ᠰᠤᠷᠭ᠋ᠠᠭᠤᠯᠢ ᠵᠢᠨ ᠫᠷᠤᠹᠸᠰᠰᠤᠷ ᠴᠧᠨ ᠭᠠᠩ ᠯᠦᠩ᠂ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠫᠷᠤᠹᠸᠰᠰᠤᠷ ᠺᠠᠩ ᠯᠢ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠳ ᠲᠤᠰ ᠲᠤᠰ ᠬᠣᠶᠠᠷ ᠶᠡᠬᠡ ᠳᠡᠭᠡᠳᠦ ᠰᠤᠷᠭ᠋ᠠᠭᠤᠯᠢ᠎ᠳᠤ ᠲᠤᠬᠠᠢ ᠵᠢᠨ ᠲᠠᠯᠠᠪᠠᠢ᠎ᠳᠤ ᠦᠨᠡᠯᠡᠯᠲᠡ ᠬᠢᠪᠡ᠃
ᠲᠤᠬᠠᠶ ᠵᠢᠨ ᠲᠠᠯᠠᠪᠠᠶ᠎ᠳᠤ ᠲᠣᠭᠯᠠᠯᠲᠠ ᠦᠵᠡᠭᠰᠡᠨ ᠶᠡᠬᠡ ᠳᠡᠭᠡᠳᠦ ᠰᠤᠷᠭ᠋ᠠᠭᠤᠯᠢ ᠵᠢᠨ ᠤᠶᠤᠲᠠᠳ᠎ᠠᠴᠠ ᠤᠯᠠᠮᠵᠢᠯᠠᠭᠴᠢᠳ᠎ᠤᠨ ᠲᠤᠬᠠᠶ ᠵᠢᠨ ᠲᠠᠯᠠᠪᠠᠶ ᠵᠢᠨ ᠲᠣᠭᠯᠠᠯᠲᠠ᠎ᠨᠢ ᠬᠥᠮᠦᠰ᠎ᠤᠨ ᠰᠡᠳᠬᠢᠯ᠎ᠢ ᠳᠣᠭᠳᠣᠯᠤᠭᠤᠯᠤᠮ᠎ᠠ ᠪᠠᠢ᠌ᠵᠤ᠂ ᠲᠤᠰᠬᠠᠶ ᠮᠡᠷᠭᠡᠵᠢᠯᠲᠡᠨ᠎ᠤ ᠥᠭᠦᠯᠡᠯᠲᠡ᠎ᠪᠠᠷ ᠳᠠᠮᠵᠢᠭᠤᠯᠤᠨ ᠲᠤᠤᠯᠢ ᠵᠢᠨ ᠰᠣᠶᠣᠯ᠎ᠤᠨ ᠠᠭᠤᠯᠤᠭᠳᠠᠬᠤᠨ ᠪᠣᠯᠤᠨ ᠤᠯᠠᠮᠵᠢᠯᠠᠨ ᠵᠠᠯᠭ᠋ᠠᠮᠵᠢᠯᠠᠬᠤ ᠦᠨ᠎ᠡ ᠥᠷᠲᠡᠭ᠎ᠢ ᠨᠠᠩ ᠰᠠᠢ᠌ᠲᠤᠷ ᠣᠢ᠌ᠯᠠᠭ᠋ᠠᠵᠤ᠂ ᠲᠤᠤᠯᠢ ᠵᠢᠨ ᠤᠯᠠᠮᠵᠢᠯᠠᠯ ᠪᠣᠯ ᠵᠠᠯᠠᠭᠤ ᠨᠢᠭᠡ ᠦᠶ᠎ᠡ ᠵᠢᠨ᠎ᠬᠢᠨ᠎ᠤ ᠡᠷᠬᠡᠪᠰᠢ ᠡᠭᠦᠷᠭᠡᠯᠡᠬᠦ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ ᠪᠣᠯᠬᠤ ᠵᠢ ᠭᠦᠨᠵᠡᠭᠡᠶ ᠲᠠᠨᠢᠵᠤ ᠣᠯᠵᠠᠢ ᠭᠡᠪᠡ᠃
ᠲᠤᠤᠯᠢ᠎ᠨᠢ ᠭᠣᠣᠯ ᠰᠡᠳᠦᠪ᠎ᠤᠨ ᠡᠷᠬᠢᠮ ᠳᠡᠭᠡᠳᠦ ᠴᠢᠨᠠᠷ ᠪᠠ ᠠᠭᠤᠯᠭ᠎ᠠ ᠪᠦᠲᠦᠴᠡ ᠵᠢᠨ ᠠᠤᠭ᠎ᠠ ᠶᠡᠬᠡ ᠴᠢᠨᠠᠷ᠎ᠢ ᠬᠣᠣᠰᠯᠠᠭᠤᠯᠤᠭᠰᠠᠨ ᠶᠤᠮ᠃ 《ᠭᠡᠰᠡᠷ》᠂ 《ᠮᠠᠨᠠᠰ》᠂ 《ᠵᠠᠩᠭ᠋ᠠᠷ》 ᠭᠤᠷᠪᠠᠨ ᠪᠠᠭ᠋ᠠᠲᠤᠷᠯᠢᠭ ᠲᠤᠤᠯᠢ᠎ᠳᠤ ᠴᠦᠮ ᠬᠥᠮᠦᠨ ᠲᠥᠷᠥᠯᠬᠢᠲᠡᠨ᠎ᠤ ᠡᠩᠬᠡ ᠲᠠᠢ᠌ᠪᠤᠩ᠂ ᠨᠢᠭᠡᠳᠦᠯ᠂ ᠪᠦᠯᠬᠦᠮᠳᠡᠯ᠂ ᠡᠷᠬᠡ ᠲᠡᠭᠰᠢ ᠵᠢᠨ ᠶᠡᠬᠡ ᠭᠣᠣᠯ ᠰᠡᠳᠦᠪ᠎ᠢ ᠥᠭᠦᠯᠡᠨ ᠲᠣᠭ᠋ᠠᠴᠢᠵᠤ᠂ ᠰᠢᠯᠦᠭ᠂ ᠳᠠᠭᠤᠯᠠᠯ᠂ ᠳᠠᠭᠤᠤ᠂ ᠮᠠᠭᠲᠠᠭᠤ ᠵᠡᠷᠭᠡ ᠠᠳᠠᠯᠢ ᠪᠤᠰᠤ ᠬᠦᠦᠷᠨᠢᠯ᠎ᠤᠨ ᠲᠥᠷᠥᠯ᠎ᠢ ᠪᠠᠭᠲᠠᠭ᠋ᠠᠵᠤ᠂ ᠨᠡᠢ᠌ᠭᠡᠮ᠂ ᠠᠵᠤ ᠠᠬᠤᠶ᠂ ᠲᠡᠦᠬᠡ᠂ ᠱᠠᠰᠢᠨ ᠰᠤᠷᠲᠠᠬᠤᠨ ᠵᠡᠷᠭᠡ ᠰᠢᠨᠵᠢᠯᠡᠭᠡᠨ᠎ᠤ ᠰᠠᠯᠪᠤᠷᠢ ᠵᠢ ᠬᠠᠮᠤᠷᠴᠠᠶ᠃ ᠶᠠᠭ ᠡᠢ᠌ᠮᠦ᠎ᠠᠴᠠ ᠲᠤᠤᠯᠢ᠎ᠨᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠪᠠᠲᠤ ᠪᠡᠬᠢ ᠪᠤᠢ ᠪᠣᠯᠭ᠋ᠠᠵᠤ᠂ ᠳᠤᠮᠳᠠᠳᠤ ᠤᠯᠤᠰ᠎ᠤᠨ ᠰᠡᠳᠬᠢᠯ᠂ ᠳᠤᠮᠳᠠᠳᠤ ᠵᠢᠨ ᠰᠦᠭ ᠰᠦᠨᠡᠰᠦ ᠵᠢ ᠪᠠᠲᠤ ᠴᠣᠭᠴᠠᠯᠠᠬᠤ᠎ᠳᠤ ᠲᠤᠢ᠌ᠯ᠎ᠤᠨ ᠴᠢᠬᠤᠯᠠ ᠦᠢ᠍ᠯᠡᠳᠦᠯ᠎ᠲᠠᠢ ᠶᠤᠮ᠂ ᠲᠡᠭᠦᠨ᠎ᠢ ᠬᠠᠮᠠᠭ᠋ᠠᠯᠠᠬᠤ᠂ ᠤᠯᠠᠮᠵᠢᠯᠠᠨ ᠵᠠᠯᠭ᠋ᠠᠮᠵᠢᠯᠠᠬᠤ᠂ ᠪᠠᠳᠠᠷᠠᠭᠤᠯᠬᠤ᠎ᠨᠢ ᠳᠤᠮᠳᠠᠳᠤ ᠵᠢᠨ ᠰᠣᠶᠣᠯ᠎ᠤᠨ ᠦᠨᠡᠲᠦ ᠡᠷᠳᠡᠨᠢ ᠵᠢ ᠰᠠᠬᠢᠨ ᠬᠠᠮᠠᠭ᠋ᠠᠯᠠᠬᠤ ᠨᠡᠩ ᠴᠤ᠌ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠢ ᠬᠠᠮᠠᠭ᠋ᠠᠯᠠᠬᠤ᠎ᠳᠤ ᠪᠠᠢ᠌ᠪᠠᠰᠤ ᠵᠣᠬᠢᠬᠤ ᠠᠵᠢᠯᠯᠠᠭ᠎ᠠ ᠪᠣᠯᠬᠤ ᠶᠤᠮ᠃
ᠳᠤᠮᠳᠠᠳᠤ ᠤᠯᠤᠰ᠎ᠤᠨ ᠭᠤᠷᠪᠠᠨ ᠶᠡᠬᠡ ᠪᠠᠭ᠋ᠠᠲᠤᠷᠯᠢᠭ ᠲᠤᠤᠯᠢ᠎ᠨᠢ ᠳᠤᠮᠳᠠᠳᠤ ᠵᠢᠨ ᠦᠨᠳᠦᠰᠦᠲᠡᠨ᠎ᠳᠤ ᠡᠯᠪᠡᠭ ᠪᠠᠶᠠᠯᠢᠭ ᠤᠶᠤᠨ ᠰᠠᠨᠠᠭ᠋ᠠᠨ᠎ᠤ ᠰᠢᠮ᠎ᠡ ᠲᠡᠵᠢᠭᠡᠯ ᠬᠠᠩᠭ᠋ᠠᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠳᠡᠯᠡᠬᠡᠢ ᠵᠢᠨ ᠪᠣᠯᠪᠠᠰᠤᠨ᠎ᠳᠤ ᠭᠡᠷᠡᠯ ᠰᠠᠴᠤᠷᠠᠩᠭᠤᠢ ᠬᠠᠭᠤᠳᠠᠰᠤ ᠵᠢ ᠨᠡᠮᠡᠷᠢᠯᠡᠪᠡ᠃ ᠤᠯᠠᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠠᠷᠠᠳ᠎ᠤᠨ ᠤᠷᠠᠯᠢᠭᠴᠢᠳ᠎ᠤᠨ ᠨᠡᠢ᠌ᠭᠡᠮᠯᠢᠭ᠎ᠤᠨ᠎ᠬᠢᠨ 《ᠭᠡᠰᠡᠷ》᠂ 《ᠮᠠᠨᠠᠰ》᠂ 《ᠵᠠᠩᠭ᠋ᠠᠷ》᠎ᠢ ᠴᠤᠭᠯᠠᠭᠤᠯᠬᠤ᠂ ᠡᠮᠬᠢᠳᠬᠡᠬᠦ᠂ ᠤᠯᠠᠮᠵᠢᠯᠠᠬᠤ᠂ ᠬᠠᠮᠠᠭ᠋ᠠᠯᠠᠬᠤ ᠠᠵᠢᠯ᠎ᠳᠤ ᠬᠦᠴᠦ ᠲᠠᠯᠪᠢᠵᠠᠢ᠃ ᠦᠶ᠎ᠡ ᠦᠶ᠎ᠡ ᠵᠢᠨ ᠠᠷᠠᠳ᠎ᠤᠨ ᠤᠳᠬ᠎ᠠ ᠤᠷᠠᠯᠢᠭ᠎ᠤᠨ ᠠᠵᠢᠯᠳᠠᠨ᠂ ᠲᠤᠤᠯᠢ ᠵᠢᠨ ᠤᠯᠠᠮᠵᠢᠯᠠᠭᠴᠢᠳ᠎ᠤᠨ ᠬᠠᠮᠲᠤ ᠵᠢᠨ ᠴᠢᠷᠮᠠᠢ᠌ᠯᠭ᠎ᠠ᠎ᠪᠠᠷ ᠳᠤᠮᠳᠠᠳᠤ ᠤᠯᠤᠰ᠎ᠤᠨ ᠲᠤᠤᠯᠢ ᠵᠢᠨ ᠡᠷᠳᠡᠨᠢᠰ᠎ᠤᠨ ᠰᠠᠩ ᠠᠭᠤᠳᠠᠯᠤᠭᠳᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠤᠤᠯᠢ ᠵᠢᠨ ᠰᠤᠳᠤᠯᠭ᠋ᠠᠨ᠎ᠤ ᠲᠣᠭᠲᠠᠯᠴᠠᠭ᠎ᠠ ᠪᠠᠢ᠌ᠭᠤᠯᠤᠭᠳᠠᠪᠠ᠃ ᠲᠣᠰ ᠤᠳᠠᠭ᠋ᠠᠨ᠎ᠤ ᠦᠵᠡᠭᠦᠯᠭᠡ ᠵᠢᠨ ᠲᠣᠭᠯᠠᠯᠲᠠ᠎ᠪᠠᠷ ᠳᠠᠮᠵᠢᠭᠤᠯᠤᠨ ᠰᠣᠶᠣᠯ᠎ᠤᠨ ᠢᠲᠡᠭᠡᠯ᠎ᠢ ᠤᠯᠠᠮ ᠨᠢᠭᠡ ᠠᠯᠬᠤᠮ ᠪᠣᠶ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠤᠯᠠᠮ᠎ᠠᠴᠠ ᠳᠡᠯᠡᠬᠡᠶ ᠨᠡᠢ᠌ᠲᠡ᠎ᠳᠤ ᠳᠤᠮᠳᠠᠳᠤ ᠤᠯᠤᠰ᠎ᠤᠨ ᠥᠯᠢᠭᠡᠷ᠎ᠢ ᠰᠠᠢ᠌ᠲᠤᠷ ᠶᠠᠷᠢᠬᠤ᠎ᠳᠤ ᠪᠦᠲᠦᠮᠵᠢᠲᠡᠶ ᠠᠷᠭ᠎ᠠ ᠵᠠᠮ ᠬᠠᠩᠭ᠋ᠠᠬᠤ ᠪᠣᠯᠤᠨ᠎ᠠ᠃
ᠣᠢ᠌ᠯᠠᠭ᠋ᠠᠭᠰᠠᠨ ᠵᠶ᠋ᠠᠷ ᠲᠣᠰ ᠠᠵᠢᠯᠯᠠᠭ᠎ᠠ ᠪᠣᠯ ᠳᠤᠮᠳᠠᠳᠤ ᠤᠯᠤᠰ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ ᠵᠢ ᠪᠡᠯᠭᠡᠯᠡᠬᠦ ᠭᠣᠤᠯ ᠰᠡᠳᠦᠪᠲᠦ ᠠᠵᠢᠯᠯᠠᠭ᠎ᠠ ᠪᠣᠯᠬᠤ 《ᠥᠩᠭᠡ ᠵᠢᠨ ᠴᠡᠴᠡᠭ ᠢᠯᠭ᠋ᠠᠷᠠᠨ ᠳᠡᠯᠭᠡᠷᠡᠨᠡᠮ—2024 ᠣᠨ᠎ᠤ ᠳᠤᠮᠳᠠᠳᠤ ᠤᠯᠤᠰ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠤᠨ ᠦᠵᠡᠭᠦᠯᠭᠡ ᠵᠢᠨ ᠰᠢᠷᠢᠰ ᠠᠵᠢᠯᠯᠠᠭ᠎ᠠ》 ᠵᠢᠨ ᠨᠢᠭᠡ᠎ᠨᠢ ᠪᠠᠢ᠌ᠵᠠᠢ᠂ ᠭᠤᠷᠪᠠᠨ ᠲᠣᠮᠣ ᠲᠤᠤᠯᠢ ᠵᠢᠨ ᠣᠢ᠌ᠷ᠎ᠠ ᠵᠢᠨ ᠠᠷᠪᠠᠨ ᠵᠢᠯ᠎ᠤᠨ ᠲᠤᠷᠰᠢᠬᠢ ᠬᠥᠭᠵᠢᠯᠲᠡ ᠵᠢᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠳᠡᠯᠭᠡᠨ ᠦᠵᠡᠭᠦᠯᠬᠦ᠎ᠪᠠᠷ ᠳᠠᠮᠵᠢᠭᠤᠯᠵᠤ᠂ ᠲᠤᠤᠯᠢ ᠵᠢᠨ ᠣᠲᠣ ᠦᠶ᠎ᠡ ᠵᠢᠨ ᠦᠨ᠎ᠡ ᠥᠷᠲᠡᠭ᠎ᠢ ᠤᠯᠠᠮ ᠨᠢᠭᠡ ᠠᠯᠬᠤᠮ ᠢᠯᠡᠷᠡᠭᠦᠯᠵᠦ᠂ ᠭᠤᠷᠪᠠᠨ ᠲᠣᠮᠣ ᠲᠤᠤᠯᠢ ᠵᠢᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ᠎ᠢ ᠨᠡᠮᠡᠭᠳᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠲᠥᠯᠥᠭᠡ ᠶᠤᠮ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ