ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠥᠬᠡᠶ ᠪᠠᠳᠤᠳᠬᠠᠬᠤ ᠵᠢᠨ ᠲᠥᠯᠥᠭᠡ᠂ 2024 ᠣᠨ᠎ᠤ 12 ᠳ᠋ᠤᠭ᠋ᠠᠷ ᠰᠠᠷ᠎ᠠ ᠵᠢᠨ 6᠎ᠤ ᠡᠳᠦᠷ᠂ ᠰᠠᠢ᠌ᠬᠠᠨ ᠲᠣᠭᠣᠷᠢᠭ᠎ᠤᠨ ᠳᠥᠷᠪᠡᠳᠦᠭᠡᠷ ᠬᠡᠦᠬᠡᠳ᠎ᠤᠨ ᠴᠡᠴᠡᠷᠯᠢᠭ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠲᠤ᠎ᠪᠠᠷ ᠤᠯᠠᠮᠵᠢᠯᠠᠬᠤ ᠠᠨᠠᠷ᠎ᠤᠨ ᠬᠡᠯᠬᠢᠶ᠎ᠡ》 — 《ᠵᠠᠩᠭ᠋ᠠᠷ》 ᠬᠠᠢ᠌ᠯᠠᠬᠤ ᠤᠷᠠᠯᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ᠃ ᠬᠥᠬᠡᠬᠣᠲᠠ ᠵᠢᠨ ᠦᠨᠳᠦᠰᠦᠲᠡᠨ᠎ᠤ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠬᠡᠨ᠎ᠤ ᠲᠦᠪ᠂ ᠰᠠᠢ᠌ᠬᠠᠨ ᠲᠣᠭᠣᠷᠢᠭ᠎ᠤᠨ ᠦᠨᠳᠦᠰᠦᠲᠡᠨ᠎ᠤ ᠵᠥᠪᠯᠡᠯ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 《ᠵᠠᠩᠭ᠋ᠠᠷ》 ᠰᠤᠳᠤᠯᠭ᠋ᠠᠨ᠎ᠤ ᠲᠥᠪ᠎ᠤᠨ ᠬᠠᠮᠢᠶ᠎ᠠ ᠪᠦᠬᠦᠢ ᠬᠥᠮᠦᠰ ᠲᠤᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃

ᠰᠠᠢ᠌ᠬᠠᠨ ᠲᠣᠭᠣᠷᠢᠭ᠎ᠤᠨ ᠳᠥᠷᠪᠡᠳᠦᠭᠡᠷ ᠬᠡᠦᠬᠡᠳ᠎ᠤᠨ ᠴᠡᠴᠡᠷᠯᠢᠭ᠎ᠤᠨ ᠬᠥᠭᠵᠢᠮ᠎ᠤᠨ ᠲᠠᠰᠤᠭ᠎ᠢ ᠲᠣᠭᠣᠷᠢᠨ ᠦᠵᠡᠪᠡ
ᠰᠤᠷᠤᠯᠭ᠎ᠠ ᠡᠬᠢᠯᠡᠬᠦ ᠶᠣᠰᠣᠯᠠᠯ᠎ᠠᠴᠠ ᠡᠮᠦᠨ᠎ᠡ᠂ ᠣᠯᠠᠨ ᠵᠶ᠋ᠠᠷ ᠵᠶ᠋ᠠᠨ ᠬᠥᠭᠵᠢᠮ᠎ᠤᠨ ᠥᠷᠥᠭᠡ᠂ ᠬᠠᠳᠬᠤᠮᠠᠯ ᠬᠠᠳᠬᠤᠬᠤ ᠪᠤᠳᠤᠭ ᠣᠷᠤᠭᠤᠯᠬᠤ ᠥᠷᠥᠭᠡ᠂ ᠸᠠᠭ᠋ᠠᠷ ᠰᠢᠪᠠᠷ᠎ᠤᠨ ᠥᠷᠥᠭᠡ ᠵᠡᠷᠭᠡ ᠰᠣᠶᠣᠯ᠎ᠤᠨ ᠠᠭᠤᠷ ᠠᠮᠢᠰᠬᠤᠯ ᠪᠢᠯᠬᠠᠭᠰᠠᠨ ᠴᠢᠳᠠᠮᠵᠢᠲᠤ ᠬᠢᠴᠢᠶᠡᠯ᠎ᠤᠨ ᠬᠡᠷ᠎ᠢ ᠲᠣᠭᠣᠷᠢᠨ ᠦᠵᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠤᠭᠤᠯᠤᠭᠰᠠᠨ ᠠᠮᠢᠳᠤᠯᠢᠭ ᠦᠢᠯᠡᠳᠦᠯᠭᠡ ᠵᠢ ᠭᠦᠨᠵᠡᠭᠡᠶ ᠣᠢ᠌ᠯᠠᠭ᠋ᠠᠪᠠ᠃ ᠳᠠᠷᠠᠭ᠎ᠠ᠎ᠨᠢ ᠬᠤᠯᠤᠰᠤᠨ ᠰᠠᠪᠠᠭ᠎ᠠ ᠵᠢᠨ ᠪᠥᠵᠢᠭ ᠦᠰᠦᠷᠬᠦ᠂ ᠭᠤᠮ ᠳᠡᠬᠡᠰᠦ ᠦᠰᠦᠷᠬᠦ᠂ ᠬᠦᠯᠡ ᠴᠠᠭ᠋ᠠᠷᠢᠭ ᠡᠷᠭᠢᠭᠦᠯᠬᠦ ᠵᠡᠷᠭᠡ ᠭᠡᠷ᠎ᠤᠨ ᠭᠠᠳᠠᠨᠠᠬᠢ ᠤᠯᠠᠮᠵᠢᠯᠠᠯᠲᠤ ᠬᠥᠳᠡᠯᠭᠡᠭᠡᠨ᠎ᠢ ᠪᠡᠶᠡᠴᠢᠯᠡᠨ ᠣᠢ᠌ᠯᠠᠭ᠋ᠠᠪᠠ᠃ ᠶᠣᠰᠣᠯᠠᠯ ᠳᠡᠭᠡᠷ᠎ᠡ᠂ ᠪᠠᠭᠰᠢ ᠪᠣᠯᠤᠨ ᠭᠡᠷ᠎ᠤᠨ ᠠᠬᠠᠮᠠᠳ ᠬᠠᠮᠲᠤ᠎ᠪᠠᠷ 《ᠵᠠᠩᠭ᠋ᠠᠷ᠎ᠤᠨ ᠮᠠᠭᠲᠠᠭ᠋ᠠᠯ》᠎ᠢ ᠲᠣᠭᠯᠠᠪᠠ᠂ ᠲᠡᠳᠡ ᠭᠣᠢ᠌ᠳᠠ ᠰᠠᠢ᠌ᠬᠠᠨ ᠤᠷ᠎ᠠ ᠮᠡᠷᠭᠡᠵᠢᠯ ᠪᠣᠯᠤᠨ ᠭᠦᠨ ᠰᠡᠳᠬᠢᠯᠭᠡ᠎ᠲᠠᠢ ᠲᠣᠭᠯᠠᠯᠲᠠ᠎ᠪᠠᠷ ᠵᠶ᠋ᠠᠨ ᠡᠨᠡ ᠬᠦ᠌ ᠪᠠᠶᠠᠯᠢᠭ ᠠᠭᠤᠯᠭ᠎ᠠ ᠬᠡᠯᠪᠡᠷᠢ᠎ᠲᠠᠢ ᠲᠤᠤᠯᠢ ᠵᠢᠨ ᠪᠠᠭ᠋ᠠᠲᠤᠷᠯᠢᠭ ᠦᠯᠢᠭᠡᠷ᠎ᠢ ᠬᠡᠦᠬᠡᠳ᠎ᠲᠤ ᠠᠮᠢᠳᠤᠯᠢᠭ ᠵᠶ᠋ᠠᠷ ᠳᠡᠯᠭᠡᠨ ᠦᠵᠡᠭᠦᠯᠪᠡ᠃ ᠲᠣᠰ ᠤᠳᠠᠭ᠋ᠠᠨ᠎ᠤ 《ᠵᠠᠩᠭ᠋ᠠᠷ》 ᠬᠠᠢ᠌ᠯᠠᠬᠤ ᠤᠷᠠᠯᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠡᠷᠬᠢᠯᠡᠭᠰᠡᠨ᠎ᠨᠢ᠂ 《ᠵᠠᠩᠭ᠋ᠠᠷ》᠎ᠤᠨ ᠲᠤᠤᠯᠢ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ᠎ᠤᠨ ᠵᠣᠷᠢᠭ ᠰᠠᠨᠠᠭ᠋ᠠᠨ᠎ᠤ ᠠᠭᠤᠯᠤᠭᠳᠠᠬᠤᠨ᠎ᠢ ᠤᠯᠠᠮ ᠨᠢᠭᠡ ᠠᠯᠬᠤᠮ ᠤᠬᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠪᠣᠳᠠᠰ᠎ᠤᠨ ᠪᠤᠰᠤ ᠰᠣᠶᠣᠯ᠎ᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠠᠵᠢᠯ᠎ᠳᠤ ᠣᠷᠣᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠪᠠᠢ᠌ᠭᠤᠯᠬᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠵᠢᠨ ᠲᠥᠯᠥᠭᠡ ᠶᠤᠮ᠃

ᠰᠠᠢ᠌ᠬᠠᠨ ᠲᠣᠭᠣᠷᠢᠭ᠎ᠤᠨ ᠳᠥᠷᠪᠡᠳᠦᠭᠡᠷ ᠬᠡᠦᠬᠡᠳ᠎ᠤᠨ ᠴᠡᠴᠡᠷᠯᠢᠭ᠎ᠤᠨ ᠪᠠᠭᠰᠢ ᠪᠣᠯᠤᠨ ᠬᠡᠷ᠎ᠤᠨ ᠠᠬᠠᠮᠠᠳ ᠬᠠᠮᠲᠤ᠎ᠪᠠᠷ 《ᠵᠠᠩᠭ᠋ᠠᠷ᠎ᠤᠨ ᠮᠠᠭᠳᠠᠭ᠋ᠠᠯ》᠎ᠢ ᠲᠣᠭᠯᠠᠪᠠ
《ᠵᠠᠩᠭ᠋ᠠᠷ》᠎ᠤᠨ ᠲᠤᠤᠯᠢ᠎ᠨᠢ ᠭᠦᠨ ᠵᠤᠵᠠᠭ᠋ᠠᠨ ᠪᠠᠭ᠋ᠠᠲᠤᠷᠯᠢᠭ ᠦᠵᠡᠯ᠎ᠤᠨ ᠴᠤᠭ ᠰᠦᠯᠳᠡ᠎ᠲᠠᠢ ᠪᠠᠢ᠌ᠵᠤ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠤᠷᠬᠢᠯᠤᠭᠤᠨ ᠰᠠᠨᠠᠭ᠎ᠠ ᠵᠢ ᠢᠯᠡᠷᠡᠭᠦᠯᠵᠦ᠂ ᠬᠥᠮᠦᠨ ᠲᠥᠷᠥᠯᠬᠢᠲᠡᠨ᠎ᠤ ᠡᠩᠬᠡ ᠲᠠᠢ᠌ᠪᠤᠩ᠎ᠢ ᠬᠦᠰᠡᠨ ᠡᠷᠡᠮᠡᠯᠵᠡᠬᠦ ᠰᠠᠢ᠍ᠢ᠍ᠨ ᠰᠠᠢ᠌ᠬᠠᠨ ᠬᠦᠰᠡᠯᠡᠩ᠎ᠢ ᠢᠯᠡᠳᠬᠡᠳᠡᠭ᠂ ᠡᠬᠦᠨ᠎ᠳᠤ ᠤᠯᠤᠰ ᠵᠶ᠋ᠠᠨ ᠬᠠᠢ᠌ᠷᠠᠯᠠᠬᠤ ᠬᠡᠷ ᠵᠶ᠋ᠡᠨ ᠬᠠᠢ᠌ᠷᠠᠯᠠᠬᠤ ᠡᠩᠬᠡ ᠲᠠᠢ᠌ᠪᠤᠩ᠎ᠢ ᠬᠠᠢ᠌ᠷᠠᠯᠠᠬᠤ ᠭᠣᠣᠯ ᠰᠡᠳᠦᠪᠲᠦ ᠦᠵᠡᠯ ᠰᠠᠨᠠᠭ᠎ᠠ ᠠᠭᠤᠯᠤᠭᠳᠠᠵᠤ ᠪᠠᠢ᠌ᠬᠤ ᠪᠥᠭᠡᠳ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠠᠭᠤᠯᠭ᠎ᠠ ᠠᠭᠤᠯᠤᠭᠳᠠᠵᠤ ᠪᠠᠢ᠌ᠳᠠᠭ᠃ 《ᠵᠠᠩᠭ᠋ᠠᠷ》᠎ᠤᠨ ᠲᠤᠤᠯᠢ ᠵᠢ ᠬᠠᠮᠠᠭ᠋ᠠᠯᠠᠬᠤ ᠪᠣᠯᠤᠨ ᠰᠤᠳᠤᠯᠬᠤ ᠵᠢ ᠡᠷᠬᠡ ᠲᠤᠰᠢᠶᠠᠯ ᠡᠭᠦᠷᠭᠡ᠎ᠳᠤ ᠣᠷᠣᠭᠤᠯᠤᠭᠰᠠᠨ᠎ᠠᠴᠠ ᠬᠣᠢ᠌ᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠨᠢ 《ᠵᠠᠩᠭ᠋ᠠᠷ》᠎ᠢ ᠤᠯᠠᠮᠵᠢᠯᠠᠨ ᠬᠥᠭᠵᠢᠭᠦᠯᠬᠦ ᠲᠠᠯ᠎ᠠ᠎ᠪᠠᠷ ᠴᠤᠴᠠᠰᠢ ᠦᠬᠡᠢ ᠴᠢᠷᠮᠠᠢ᠌ᠵᠤ᠂ ᠬᠥᠮᠦᠰ᠎ᠤᠨ ᠠᠩᠬᠠᠷᠤᠯ᠎ᠢ ᠲᠠᠲᠠᠮ᠎ᠠ ᠠᠮᠵᠢᠯᠲᠠ ᠭᠠᠷᠭ᠋ᠠᠭᠰᠠᠨ ᠪᠠᠢ᠌ᠨ᠎ᠠ᠃ 2021 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠠᠩᠭ᠋ᠠᠷ》᠎ᠨᠢ ᠲᠠᠪᠤᠳᠤᠭ᠋ᠠᠷ ᠪᠦᠯᠦᠭ᠎ᠤᠨ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠭᠴᠢ ᠪᠦᠲᠦᠭᠡᠯ᠎ᠤᠨ ᠨᠡᠷᠡᠰ᠎ᠲᠤ ᠵᠢᠭᠰᠠᠭ᠋ᠠᠭᠳᠠᠵᠤ᠂ ᠥᠪᠥᠷ ᠮᠣᠩᠭᠣᠯ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠭᠤᠷᠪᠠᠨ ᠲᠤᠮᠤ ᠲᠤᠤᠯᠢ ᠵᠢ ᠤᠯᠠᠮᠵᠢᠯᠠᠨ ᠬᠠᠮᠠᠭ᠋ᠠᠯᠠᠬᠤ ᠠᠵᠢᠯ ᠰᠢᠨ᠎ᠡ ᠱᠠᠲᠤᠨ᠎ᠳᠤ ᠤᠷᠤᠬᠰᠠᠨ ᠪᠡᠯᠭᠡ ᠲᠡᠮᠳᠡᠭ᠎ᠤᠨ ᠴᠢᠨᠠᠷᠲᠠᠢ ᠠᠮᠵᠢᠯᠲᠠ ᠪᠦᠳᠦᠮᠵᠢ ᠵᠢᠨ ᠨᠢᠭᠡ᠎ᠨᠢ ᠪᠣᠯᠪᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ