ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ 《ᠦᠨᠳᠦᠰᠦᠲᠡᠨ᠎ᠤ ᠰᠤᠳᠤᠷ ᠪᠢᠴᠢᠭ᠎ᠢ ᠦᠨᠳᠦᠰᠦᠨ ᠱᠠᠲᠤᠨ᠎ᠳᠤ ᠬᠦᠷᠭᠡᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-24

      ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠦᠭᠴᠦ᠂ ᠨᠠᠮ᠎ᠤᠨ ᠭᠡᠰᠢᠭᠦᠳ᠎ᠤᠨ ᠠᠷᠠᠳ ᠲᠦᠮᠡᠨ᠎ᠳᠤ ᠦᠢᠯᠡᠴᠢᠯᠡᠬᠦ ᠵᠣᠷᠢᠯᠲᠠ ᠵᠢᠨ ᠤᠬᠠᠮᠰᠠᠷ᠎ᠢ ᠴᠢᠩᠭ᠋ᠠᠳᠬᠠᠬᠤ ᠵᠢᠨ ᠲᠦᠯᠦᠬᠡ᠂ 2024 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠨᠢ ᠣᠷᠳᠣᠰ ᠬᠣᠲᠠ ᠵᠢᠨ ᠦᠨᠳᠦᠰᠦᠲᠡᠨ᠎ᠤ ᠵᠥᠪᠯᠡᠯ᠂ ᠡᠵᠡᠨ ᠬᠣᠷᠣᠭ᠎ᠠ ᠬᠣᠰᠢᠭᠤᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ᠎ᠲᠠᠢ ᠬᠠᠮᠲᠤᠷᠠᠨ 《ᠦᠨᠳᠦᠰᠦᠲᠡᠨ᠎ᠤ ᠰᠤᠳᠤᠷ ᠪᠢᠴᠢᠭ᠎ᠢ ᠦᠨᠳᠦᠰᠦᠨ ᠱᠠᠲᠤᠨ᠎ᠳᠤ ᠬᠦᠷᠭᠡᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠬᠠᠮᠲᠤ᠎ᠪᠠᠷ ᠪᠠᠢ᠌ᠭᠤᠯᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃

1.jpg

      ᠠᠵᠢᠯᠯᠠᠭ᠎ᠠ ᠳᠤᠮᠳᠠ᠂ ᠨᠠᠮ᠎ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ ᠪᠣᠯᠬᠤ ᠡᠵᠡᠨ ᠬᠣᠷᠣᠭ᠎ᠠ ᠬᠣᠰᠢᠭᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠵᠡᠰᠬᠦᠯᠡᠩ᠎ᠤᠨ ᠣᠷᠳᠣᠨ᠎ᠤ 《ᠦᠨᠳᠦᠰᠦ ᠭᠠᠷᠤᠯ ᠨᠢᠬᠡᠳᠡᠢ ᠳᠤᠮᠳᠠᠳᠤᠴᠤᠳ᠂ ᠢᠳᠡᠬᠡᠰᠢᠨ ᠠᠭᠤᠰᠤᠯᠴᠠᠭᠰᠠᠨ ᠤᠯᠠᠨ ᠡᠰᠢᠳᠤ ᠨᠢᠭᠡ ᠴᠣᠭᠴᠠ᠂ ᠳᠡᠯᠡᠬᠡᠢ ᠵᠢ  ᠳᠣᠩᠰᠣᠯᠭ᠋ᠠᠭᠰᠠᠨ ᠳᠡᠦᠬᠡ ᠵᠢᠨ ᠯᠤᠲᠤ ᠶᠡᠬᠡ ᠬᠤᠪᠢᠷᠠᠯᠲᠠ᠂ ᠠᠤᠭ᠎ᠠ ᠦᠢ᠍ᠯᠡᠰ᠎ᠤᠨ ᠡᠬᠢᠯᠡᠯ ᠰᠢᠨ᠎ᠡ ᠴᠠᠭ ᠦᠶ᠎ᠡ᠂ ᠰᠡᠳᠬᠢᠯ ᠵᠢᠷᠦᠬᠡ᠎ᠪᠠᠨ ᠬᠣᠯᠪᠣᠭᠰᠠᠨ ᠡᠵᠡᠨ ᠬᠣᠷᠣᠭ᠎ᠠ᠂ ᠠᠭᠤᠤ ᠶᠡᠬᠡ ᠰᠡᠷᠭᠦᠨ ᠮᠠᠨᠳᠤᠯᠲᠠ ᠵᠢ ᠰᠡᠳᠬᠢᠯ ᠨᠢᠭᠡᠳᠦᠨ ᠬᠠᠮᠲᠤ᠎ᠪᠠᠷ ᠴᠣᠭᠴᠠᠯᠠᠬᠤ》 ᠵᠡᠷᠭᠡ ᠦᠵᠡᠭᠦᠯᠭᠡ ᠵᠢᠨ ᠲᠣᠭᠣᠷᠢᠭ᠎ᠢ ᠲᠣᠭᠣᠷᠢᠨ ᠦᠵᠡᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠣᠭᠴᠠᠯᠠᠭᠰᠠᠨ᠂ ᠬᠥᠭᠵᠢᠭᠦᠯᠦᠭᠰᠡᠨ᠂ ᠪᠡᠬᠢᠵᠢᠭᠦᠯᠦᠭᠰᠡᠨ᠂ ᠨᠢᠭᠡᠳᠬᠡᠭᠰᠡᠨ ᠠᠭᠤᠤ ᠶᠡᠬᠡ ᠡᠭᠡ ᠤᠯᠤᠰ᠎ᠤᠨ ᠲᠡᠦᠬᠡᠨ ᠠᠬᠢᠴᠠ ᠵᠢ ᠲᠠᠬᠢᠨ ᠡᠷᠭᠢᠴᠡᠭᠦᠯᠵᠦ᠂ ᠡᠵᠡᠨ ᠬᠣᠷᠣᠭ᠎ᠠ ᠬᠣᠰᠢᠭᠤᠨ᠎ᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠰᠠᠢ᠍ᠢ᠍ᠨ ᠰᠠᠢ᠌ᠬᠠᠨ ᠪᠠᠢ᠌ᠳᠠᠯ᠎ᠢ ᠤᠯᠠᠨ ᠲᠠᠯ᠎ᠠ᠎ᠠᠴᠠ ᠣᠢ᠌ᠯᠠᠭ᠋ᠠᠪᠠ᠃ ᠥᠪᠥᠷ ᠮᠣᠩᠭᠣᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠣᠳᠣᠯᠬᠤ ᠲᠠᠰᠤᠭ᠎ᠠᠴᠠ  ᠡᠵᠡᠨ ᠬᠣᠷᠣᠭ᠎ᠠ ᠬᠣᠰᠢᠭᠤᠨ᠎ᠤ ᠦᠨᠳᠦᠰᠦᠲᠡᠨ᠎ᠤ ᠵᠥᠪᠯᠡᠯ᠂ ᠣᠲᠣᠭ᠎ᠤᠨ ᠡᠮᠦᠨᠡᠲᠦ ᠬᠣᠰᠢᠭᠤᠨ᠎ᠤ ᠨᠠᠩᠰᠤ ᠪᠠᠯᠭ᠋ᠠᠰᠤᠨ᠎ᠤ 《ᠠᠯᠲᠠᠨ ᠭᠠᠳᠠᠰᠤ ᠪᠣᠳᠠᠰ᠎ᠤᠨ ᠪᠤᠰᠤ ᠰᠤᠶᠤᠯ᠎ᠤᠨ ᠥᠪ᠎ᠤᠨ ᠬᠠᠮᠠᠭ᠋ᠠᠯᠠᠯᠲᠠ ᠵᠢᠨ ᠲᠥᠪ》᠎ᠲᠤ ᠡᠮᠬᠢᠳᠬᠡᠨ ᠬᠡᠪᠯᠡᠭᠦᠯᠦᠭᠰᠡᠨ ᠰᠤᠳᠤᠷ ᠪᠢᠴᠢᠭ᠎ᠤᠨ  ᠬᠡᠰᠡᠭ ᠦᠷ᠎ᠡ ᠪᠦᠲᠦᠭᠡᠯ ᠵᠢᠡᠨ ᠬᠠᠨᠳᠢᠪᠯᠠᠵᠤ᠂ ᠦᠨᠳᠦᠰᠦᠨ ᠱᠠᠲᠤᠨ᠎ᠤ᠎ᠬᠢᠨ᠎ᠨᠢ ᠣᠯᠠᠨ ᠲᠦᠮᠡᠨ᠎ᠳᠤ ᠰᠤᠳᠤᠷ ᠪᠢᠴᠢᠭ᠎ᠤᠨ ᠡᠬᠢ ᠪᠠᠶᠠᠯᠢᠭ᠎ᠤᠨ ᠦᠢᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ ᠳᠡᠮᠵᠢᠵᠦ᠂ ᠰᠤᠳᠤᠷ ᠪᠢᠴᠢᠭ᠎ᠤᠨ ᠡᠬᠢ ᠪᠠᠶᠠᠯᠢᠭ᠎ᠢ ᠨᠡᠭᠡᠭᠡᠯᠲᠡ᠎ᠲᠠᠢ ᠪᠠᠢ᠌ᠯᠭ᠋ᠠᠵᠤ ᠬᠠᠮᠲᠤ᠎ᠪᠠᠷ ᠡᠳ᠋ᠯᠡᠬᠦ ᠬᠢᠷᠢ ᠲᠦᠪᠰᠢᠨ ᠵᠢᠡᠨ ᠳᠡᠬᠡᠭᠰᠢᠯᠡᠬᠦᠯᠪᠠ᠃
      ᠬᠣᠢ᠌ᠰᠢᠳᠠ᠂ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ ᠦᠨᠳᠦᠰᠦᠲᠡᠨ᠎ᠤ ᠰᠤᠳᠤᠷ ᠪᠢᠴᠢᠭ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠳᠤᠮᠳᠠᠬᠢ ᠴᠢᠬᠤᠯᠠ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠰᠤᠳᠤᠷ ᠪᠢᠴᠢᠭ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ᠎ᠳᠤ ᠬᠦᠴᠦᠨ ᠨᠡᠮᠡᠷᠢᠯᠡᠬᠦ ᠪᠣᠯᠤᠨ᠎ᠠ᠃




         ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ






 

ᠢᠷᠡᠯᠲᠡ᠄ ᠥᠪᠥᠷ ᠮᠣᠩᠭᠣᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠣᠳᠣᠯᠬᠤ ᠲᠠᠰᠤᠭ