2024 ᠣᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ᠂ 《ᠤᠮᠠᠷᠠᠲᠤ ᠬᠢᠯᠢ ᠵᠢᠨ ᠰᠣᠳᠣᠷ ᠪᠢᠴᠢᠭ ᠰᠣᠷᠪᠣᠯᠵᠢᠰ᠎ᠤᠨ ᠰᠤᠳᠤᠯᠭ᠋ᠠᠨ᠎ᠤ ᠰᠠᠭᠤᠷᠢᠨ ᠭᠠᠵᠠᠷ》᠎ᠤᠨ ᠠᠩᠬᠠᠳᠤᠭ᠋ᠠᠷ ᠤᠳᠠᠭ᠋ᠠᠨ᠎ᠤ ᠪᠥᠬᠥᠳᠡ ᠬᠤᠷᠠᠯ᠎ᠨᠢ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠮᠣᠩᠭᠣᠯ ᠰᠤᠳᠤᠯᠤᠯ᠎ᠤᠨ ᠳᠡᠭᠡᠳᠦ ᠰᠤᠷᠭ᠋ᠠᠭᠤᠯᠢ᠎ᠳᠤ ᠬᠤᠷᠠᠯᠳᠤᠪᠠ᠃ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠣᠳᠣᠷ ᠪᠢᠴᠢᠭ ᠰᠤᠳᠤᠯᠬᠤ ᠲᠠᠰᠤᠭ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠰᠢᠨᠵᠢᠶᠠᠩ ᠶᠡᠬᠡ ᠰᠤᠷᠭ᠋ᠠᠭᠤᠯᠢ ᠵᠢᠨ ᠬᠣᠯᠪᠣᠭᠳᠠᠯ ᠪᠦᠬᠦᠢ ᠬᠥᠮᠦᠰ ᠲᠤᠰ ᠤᠳᠠᠭ᠎ᠠ ᠵᠢᠨ ᠬᠤᠷᠠᠯ᠎ᠳᠤ ᠣᠷᠣᠯᠴᠠᠭᠰᠠᠨ ᠪᠥᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ ᠮᠠᠨ᠎ᠤ ᠣᠷᠣᠨ᠎ᠤ ᠰᠣᠳᠣᠷ ᠪᠢᠴᠢᠭ ᠰᠣᠷᠪᠣᠯᠵᠢᠰ᠎ᠤᠨ ᠬᠣᠯᠪᠣᠭᠳᠠᠯ ᠪᠦᠬᠦᠢ ᠴᠠᠷᠠᠭ᠎ᠠ ᠬᠦᠷᠢᠶᠡᠨ᠎ᠤ ᠰᠤᠳᠤᠯᠭ᠎ᠠ᠂ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ ᠵᠡᠷᠭᠡ ᠠᠰᠠᠭᠤᠳᠠᠯ᠎ᠢ ᠭᠦᠢ᠍ᠴᠡᠳ ᠶᠠᠷᠢᠯᠴᠠᠪᠠ᠃ ᠬᠤᠷᠠᠯ ᠳᠡᠭᠡᠷ᠎ᠡ ᠪᠠᠰᠠ ᠬᠤᠷᠠᠯ᠎ᠳᠤ ᠣᠷᠣᠯᠴᠠᠭᠰᠠᠳ᠎ᠲᠤ ᠡᠷᠳᠡᠮ ᠰᠢᠨᠵᠢᠯᠡᠭᠡᠨ᠎ᠤ ᠵᠥᠪᠯᠡᠯ᠎ᠤᠨ ᠭᠡᠰᠢᠭᠦᠨ᠎ᠤ ᠤᠷᠢᠯᠭ᠎ᠠ ᠵᠢᠨ ᠪᠢᠴᠢᠭ᠎ᠢ ᠭᠠᠷᠳᠠᠭᠤᠯᠪᠠ᠃

ᠣᠶ᠋ᠢᠯᠠᠭ᠋ᠠᠭᠰᠠᠨ ᠵᠶ᠋ᠠᠷ 《ᠤᠮᠠᠷᠠᠲᠤ ᠬᠢᠯᠢ ᠵᠢᠨ ᠰᠣᠳᠣᠷ ᠪᠢᠴᠢᠭ ᠰᠣᠷᠪᠣᠯᠵᠢᠰ᠎ᠤᠨ ᠰᠤᠳᠤᠯᠭ᠋ᠠᠨ᠎ᠤ ᠰᠠᠭᠤᠷᠢᠨ ᠭᠠᠵᠠᠷ》᠎ᠨᠢ 2024 ᠣᠨ᠎ᠤ 7 ᠳ᠋ᠤᠭ᠋ᠠᠷ ᠰᠠᠷ᠎ᠠ᠎ᠳᠤ ᠪᠠᠢ᠌ᠭᠤᠯᠤᠭᠳᠠᠪᠠ᠃ ᠲᠤᠰ ᠰᠠᠭᠤᠷᠢᠨ ᠭᠠᠵᠠᠷ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠠᠴᠠ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠭᠤᠤᠯᠳᠠᠯᠭ᠎ᠠ᠎ᠲᠠᠢ ᠰᠤᠳᠤᠯᠭ᠋ᠠᠨ᠎ᠤ ᠰᠠᠭᠤᠷᠢᠨ ᠭᠠᠵᠠᠷ ᠪᠣᠯᠤᠨ᠎ᠠ᠂ ᠣᠳᠣᠬᠠᠨ᠎ᠳᠤ 20 ᠨᠡᠷᠡᠰ ᠲᠤᠰᠬᠠᠶ ᠪᠤᠶᠤ ᠲᠤᠰᠢᠶᠠᠯ ᠬᠠᠪᠰᠤᠷᠭ᠋ᠠᠭᠰᠠᠨ ᠰᠤᠳᠤᠯᠭ᠋ᠠᠨ᠎ᠤ ᠠᠵᠢᠯᠲᠠᠨ᠎ᠲᠠᠢ ᠪᠠᠢ᠌ᠯ᠎ᠠ᠃
ᠲᠠᠷᠠᠭ᠋ᠠᠴᠢ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠳᠣᠷ ᠪᠢᠴᠢᠭ ᠰᠣᠳᠣᠯᠬᠤ ᠲᠠᠰᠤᠭ᠎ᠨᠢ 《ᠤᠮᠠᠷᠠᠲᠤ ᠬᠢᠯᠢ ᠵᠢᠨ ᠰᠣᠳᠣᠷ ᠪᠢᠴᠢᠭ ᠰᠣᠷᠪᠣᠯᠵᠢᠰ᠎ᠤᠨ ᠰᠤᠳᠤᠯᠭ᠋ᠠᠨ᠎ᠤ ᠰᠠᠭᠤᠷᠢᠨ ᠭᠠᠵᠠᠷ》᠎ᠤᠨ ᠡᠷᠳᠡᠮ ᠰᠢᠨᠵᠢᠯᠡᠭᠡᠨ᠎ᠤ ᠺᠣᠮᠢᠰ᠎ᠤᠨ ᠭᠡᠰᠢᠭᠦᠨ᠎ᠤ ᠣᠢ᠌ᠯᠡᠳᠦᠯᠢ ᠭᠦᠢ᠍ᠴᠡᠳ ᠪᠠᠳᠠᠷᠠᠭᠤᠯᠵᠤ᠂ ᠮᠠᠨ᠎ᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠣᠳᠣᠷ ᠪᠢᠴᠢᠭ᠎ᠢ ᠠᠪᠤᠷᠠᠨ ᠬᠠᠮᠠᠭ᠋ᠠᠯᠠᠬᠤ᠂ ᠴᠤᠭᠯᠠᠭᠤᠯᠤᠨ ᠡᠮᠬᠢᠳᠬᠡᠬᠦ᠂ ᠣᠷᠴᠢᠭᠤᠯᠤᠨ ᠰᠤᠳᠤᠯᠬᠤ᠂ ᠬᠡᠪᠯᠡᠭᠦᠯᠦᠨ ᠠᠰᠢᠭᠯᠠᠬᠤ᠂ ᠤᠬᠠᠭᠤᠯᠤᠨ ᠳᠡᠯᠭᠡᠷᠡᠭᠦᠯᠬᠦ ᠪᠠ ᠰᠣᠯᠢᠯᠴᠠᠨ ᠬᠠᠮᠳᠤᠷᠠᠯᠴᠠᠬᠤ ᠵᠡᠷᠭᠡ ᠠᠵᠢᠯ᠎ᠢ ᠦᠷᠭᠦᠯᠵᠢᠯᠡᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠴᠣᠭᠴᠠᠯᠠᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠪᠣᠯᠤᠨ᠎ᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ