ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠳᠤ ᠠᠩᠬᠠᠷᠤᠯ ᠵᠶ᠋ᠠᠨ ᠲᠦᠪᠯᠡᠷᠡᠭᠦᠯᠵᠦ ᠡᠯ᠎ᠡ ᠵᠦᠢ᠍ᠯ᠎ᠤᠨ ᠠᠵᠢᠯ ᠵᠶ᠋ᠠᠨ ᠥᠷᠨᠢᠭᠦᠯᠬᠦ ᠵᠢᠨ ᠲᠥᠯᠥᠭᠡ᠂ 2024 ᠣᠨ᠎ᠤ 4 ᠳ᠋ᠦ᠍ᠭᠡᠷ ᠰᠠᠷ᠎ᠠ ᠵᠢᠨ 8᠎ᠤ ᠡᠳᠦᠷ᠂ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ᠎ᠤᠨ ᠨᠠᠮ᠎ᠤᠨ ᠡᠭᠦᠷ ᠪᠤᠯᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠤᠨ᠎ᠬᠢᠨ ᠬᠠᠮᠲᠤᠷᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠪᠡ᠃
ᠲᠣᠰ ᠤᠳᠠᠭ᠎ᠠ ᠵᠢᠨ ᠲᠤᠰᠬᠠᠢ ᠰᠡᠳᠦᠪᠲᠦ ᠰᠤᠷᠤᠯᠴᠠᠯᠭ᠎ᠠ ᠳᠤᠮᠳᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ 《ᠨᠢᠭᠡᠳᠦᠭᠡᠷ ᠵᠥᠪᠯᠡᠬᠦ ᠰᠡᠳᠦᠪ》᠎ᠤᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ 《ᠦᠨᠡᠨ》 ᠰᠡᠳᠬᠦᠯ᠎ᠳᠤ ᠨᠡᠢ᠌ᠲᠡᠯᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠪᠠ᠃ ᠪᠠᠰᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠵᠢ ᠨᠠᠷᠢᠨ ᠬᠢᠨᠠᠮᠠᠭ᠋ᠠᠢ ᠰᠤᠷᠤᠯᠴᠠᠵᠤ᠂ ᠥᠪᠥᠷ ᠮᠣᠩᠭᠣᠯ᠎ᠤᠨ ᠺᠠᠳ᠋ᠷ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ ᠵᠢᠨ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ
ᠪᠠᠳᠤᠳᠬᠠᠶ᠎ᠠ - ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠬᠤ᠎ᠨᠢ》 ᠭᠡᠬᠦ ᠰᠦᠯᠵᠢᠶᠡᠨ᠎ᠤ ᠬᠢᠴᠢᠶᠡᠯ᠎ᠢ ᠦᠵᠡᠵᠦ ᠰᠤᠷᠤᠯᠴᠠᠪᠠ᠃ ᠲᠤᠰ ᠬᠢᠴᠢᠶᠡᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠳᠤᠷᠠᠳᠤᠭᠰᠠᠨ ᠠᠬᠤᠢ ᠪᠠᠢ᠌ᠳᠠᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠭᠤᠯᠤᠭᠳᠠᠬᠤᠨ ᠵᠢᠴᠢ ᠪᠦᠷᠢᠯᠳᠦᠯ᠎ᠤᠨ ᠵᠢᠮ᠎ᠡ ᠶᠣᠰᠣ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠡᠷᠬᠢᠨ ᠪᠠᠳᠤᠳᠬᠠᠬᠤ ᠵᠡᠷᠭᠡ ᠭᠤᠷᠪᠠᠨ ᠲᠠᠯ᠎ᠠ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠮᠡᠳᠡᠯᠭᠡ ᠵᠢ ᠭᠦᠨᠵᠡᠭᠡᠢ ᠲᠠᠢ᠌ᠯᠪᠤᠷᠢᠯᠠᠵᠠᠢ᠃
ᠲᠤᠰᠬᠠᠢ ᠰᠡᠳᠦᠪᠲᠦ ᠰᠤᠷᠤᠯᠴᠠᠯᠭ᠎ᠠ᠎ᠪᠠᠷ ᠲᠠᠮᠵᠢᠭᠤᠯᠵᠤ᠂ ᠬᠣᠶᠠᠷ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠴᠢᠬᠤᠯᠠ ᠴᠢᠨᠠᠷ ᠪᠠ ᠵᠠᠢ᠌ᠯᠠᠰᠢ ᠦᠭᠡᠢ ᠴᠢᠨᠠᠷ᠎ᠢ ᠨᠡᠩ ᠬᠦᠨᠵᠡᠭᠡᠢ ᠲᠠᠨᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠡᠭᠦᠷᠭᠡ ᠡᠭᠦᠷᠭᠡᠯᠡᠬᠦ ᠤᠬᠠᠮᠰᠠᠷ᠎ᠢ ᠪᠠᠳᠤᠵᠢᠭᠤᠯᠪᠠ᠃
ᠣᠷᠴᠢᠭᠤᠯᠤᠭᠴᠢ᠄ ᠤᠷᠢᠬᠠᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ