ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠨᠠᠮ᠎ᠤᠨ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ 2024 ᠣᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ 29᠎ᠤ ᠡᠳᠦᠷ ᠪᠣᠯᠲᠠᠯ᠎ᠠ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠲᠤ ᠬᠦᠷᠴᠦ 《ᠦᠨᠳᠦᠰᠦᠲᠡᠨ᠎ᠤ ᠰᠤᠳᠤᠷ ᠪᠢᠴᠢᠭ᠎ᠢ ᠬᠡᠷᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠢᠬᠤᠯᠠ ᠡᠬᠢ ᠪᠠᠶᠠᠯᠢᠭ ᠪᠣᠯᠭ᠋ᠠᠬᠤ》 ᠭᠣᠣᠯ ᠰᠡᠳᠦᠪᠲᠦ ᠨᠠᠮ᠎ᠤᠨ ᠡᠳᠦᠷ ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠵᠦ᠂ ᠡᠨᠡ ᠵᠢᠯ᠎ᠤᠨ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠬᠠᠷᠢᠭᠤ ᠮᠡᠳᠡᠭᠦᠯᠦᠯᠲᠡ ᠬᠢᠵᠦ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠵᠢᠯᠤᠭᠣᠳᠬᠤ ᠰᠠᠨᠠᠯ᠎ᠢ ᠰᠣᠨᠣᠰᠴᠤ᠂ ᠰᠣᠯᠢᠯᠴᠠᠨ ᠶᠠᠷᠢᠯᠴᠠᠬᠤ ᠪᠠ ᠰᠢᠨᠵᠢᠯᠡᠨ ᠪᠠᠢ᠌ᠴᠠᠭ᠋ᠠᠵᠤ ᠰᠤᠷᠤᠯᠴᠠᠬᠤ ᠬᠡᠯᠪᠡᠷᠢ᠎ᠪᠠᠷ ᠶᠠᠪᠤᠭᠳᠠᠭᠤᠯᠪᠠ᠃
ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠯᠢ ᠥᠪᠥᠷ ᠮᠣᠩᠭᠣᠯ᠎ᠤᠨ ᠣᠢ᠌ᠷ᠎ᠠ ᠵᠢᠨ ᠵᠢᠯ᠎ᠤᠳ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠣᠰ ᠭᠠᠵᠠᠷ ᠣᠷᠣᠨ᠎ᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠢ ᠥᠷᠨᠢᠭᠦᠯᠦᠭᠰᠡᠨ ᠪᠠᠢ᠌ᠳᠠᠯ ᠵᠢᠴᠢ ᠰᠢᠨ᠎ᠡ ᠡᠭᠦᠳᠦᠯᠲᠡ᠎ᠲᠠᠢ ᠰᠡᠳᠬᠢᠴᠡ᠂ ᠠᠷᠭ᠎ᠠ ᠬᠡᠮᠵᠢᠶ᠎ᠡ᠎ᠪᠠᠨ ᠨᠠᠷᠢᠨ ᠲᠠᠨᠢᠯᠴᠠᠭᠤᠯᠪᠠ᠃ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠳᠠᠷᠤᠭ᠎ᠠ ᠶᠠᠩ ᠱᠦᠸᠸ ᠥᠪᠥᠷ ᠮᠣᠩᠭᠣᠯ᠎ᠤᠨ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠢ ᠭᠦᠢ᠍ᠴᠡᠳ ᠨᠤᠲᠠᠯᠠᠵᠤ᠂ ᠥᠪᠥᠷ ᠮᠣᠩᠭᠣᠯ ᠬᠣᠢ᠌ᠰᠢᠳᠠ ᠦᠨᠳᠦᠰᠦᠲᠡᠨ᠎ᠤ ᠰᠤᠳᠤᠷ ᠪᠢᠴᠢᠭ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠣᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠦᠢ᠍ᠯᠡᠴᠢᠯᠡᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡᠨ ᠮᠠᠲ᠋ᠧᠷᠢᠶᠠᠯ᠎ᠤᠨ ᠲᠣᠭᠲᠠᠯᠴᠠᠭ᠎ᠠ᠂ ᠦᠭᠡ ᠶᠠᠷᠢᠶᠠᠨ᠎ᠤ ᠲᠣᠭᠲᠠᠯᠴᠠᠭ᠎ᠠ᠂ ᠣᠨᠣᠯ᠎ᠤᠨ ᠲᠣᠭᠲᠠᠯᠴᠠᠭ᠎ᠠ ᠵᠢ ᠪᠠᠶ᠋ᠢᠭᠤᠯᠬᠤ ᠲᠠᠯ᠎ᠠ᠎ᠪᠠᠷ᠎ᠬᠢ ᠴᠢᠬᠤᠯᠠ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠮᠣᠩᠭᠣᠯ ᠵᠶ᠋ᠠᠷ ᠣᠷᠴᠢᠭᠤᠯᠤᠭᠳᠠᠭᠰᠠᠨ 《ᠳᠦᠷᠪᠡᠨ ᠰᠣᠩᠭᠣᠳᠠᠭ ᠪᠦᠲᠦᠭᠡᠯ》 ᠵᠡᠷᠭᠡ ᠭᠣᠣᠯᠳᠠᠯᠭ᠎ᠠ᠎ᠲᠠᠢ ᠰᠤᠳᠤᠷ ᠪᠢᠴᠢᠭ ᠭᠠᠷᠳᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠪᠣᠳᠠᠲᠤ ᠪᠠᠢ᠌ᠳᠠᠯ᠎ᠢ ᠭᠦᠨᠵᠡᠭᠡᠢ ᠠᠭᠤᠳᠠᠯᠵᠤ᠂ ᠡᠮᠬᠢᠳᠬᠡᠵᠦ᠂ ᠲᠠᠢ᠌ᠯᠪᠤᠷᠢᠯᠠᠵᠤ᠂ ᠤᠬᠠᠭᠤᠯᠬᠤ; ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠰᠤᠳᠤᠯᠭ᠋ᠠᠨ᠎ᠤ ᠲᠥᠷᠥᠯ ᠵᠦᠢ᠍ᠯ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤᠳᠬᠠᠬᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠲᠤᠰᠬᠠᠢ ᠲᠥᠷᠥᠯ ᠵᠦᠢ᠍ᠯ》 《ᠬᠠᠰᠪᠣ ᠵᠢᠨ ᠮᠣᠩᠭᠣᠯ ᠬᠡᠯᠡᠨ᠎ᠤ ᠬᠡᠪᠯᠡᠯ᠎ᠤᠨ 〈ᠰᠢᠨ᠎ᠡ᠎ᠪᠠᠷ ᠣᠷᠴᠢᠭᠤᠯᠤᠭᠰᠠᠨ ᠤᠯᠠᠭ᠋ᠠᠨ ᠠᠰᠠᠷ᠎ᠤᠨ ᠵᠡᠭᠦᠳᠦ〉》 ᠰᠡᠳᠦᠪ᠎ᠢ ᠲᠦᠷᠭᠡᠳᠬᠡᠨ ᠠᠬᠢᠭᠤᠯᠵᠤ᠂ 《ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠰᠢᠷᠢᠰ ᠨᠣᠮ》᠎ᠤᠨ ᠲᠥᠷᠥᠯ ᠵᠦᠢ᠍ᠯ᠎ᠢ ᠤᠬᠠᠭ᠋ᠠᠯᠠᠨ ᠡᠬᠢᠯᠡᠭᠦᠯᠬᠦ; ᠬᠠᠮᠢᠶ᠎ᠠ ᠪᠦᠬᠦᠢ ᠮᠤᠵᠢ ᠣᠷᠣᠨ᠎ᠯᠤᠭ᠎ᠠ ᠵᠢᠨ ᠬᠠᠮᠵᠢᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ 《ᠳᠤᠮᠳᠠᠳᠤ ᠤᠯᠤᠰ᠎ᠤᠨ ᠮᠦᠽᠧᠢ᠎ᠳᠤ ᠬᠠᠳᠠᠭ᠋ᠠᠯᠠᠭᠳᠠᠵᠤ ᠪᠠᠢ᠌ᠭ᠎ᠠ ᠲᠣᠳᠣ ᠦᠰᠦᠭ᠎ᠤᠨ ᠰᠤᠳᠤᠷ ᠪᠢᠴᠢᠭ᠎ᠤᠨ ᠡᠮᠬᠢᠳᠬᠡᠯ》᠎ᠢ ᠡᠯᠰᠡᠨ ᠬᠡᠪᠯᠡᠭᠦᠯᠬᠦ ᠠᠵᠢᠯ᠎ᠢ ᠰᠠᠢ᠌ᠲᠤᠷ ᠬᠢᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠢᠬᠤᠯᠠ ᠡᠬᠢ ᠪᠠᠶᠠᠯᠢᠭ ᠪᠣᠯᠭ᠋ᠠᠬᠤ ᠵᠢ ᠦᠨᠡᠨ ᠬᠦ᠌ ᠠᠬᠢᠭᠤᠯᠬᠤ ᠵᠢ ᠬᠦᠰᠡᠪᠡ᠃
ᠬᠤᠷᠠᠯ᠎ᠳᠤ ᠣᠷᠣᠯᠴᠠᠭᠰᠠᠳ ᠠᠵᠢᠯᠯᠠᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠷᠠᠯ᠎ᠤᠨ ᠳᠠᠷᠠᠭ᠎ᠠ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠠᠵᠢᠯ᠎ᠤᠨ ᠦᠵᠡᠭᠦᠯᠭᠡ ᠵᠢᠨ ᠲᠠᠰᠤᠭ᠎ᠢ ᠲᠣᠭᠣᠷᠢᠨ ᠦᠵᠡᠵᠦ᠂ ᠪᠦᠬᠦ ᠤᠯᠤᠰ᠎ᠤᠨ ᠡᠯ᠎ᠡ ᠮᠤᠵᠢ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠭᠰᠡᠨ ᠲᠣᠢ᠌ᠮᠣ ᠪᠠᠢ᠌ᠳᠠᠯ᠎ᠢ ᠨᠠᠷᠢᠨ ᠣᠢ᠌ᠯᠠᠭ᠋ᠠᠪᠠ᠃
ᠥᠪᠥᠷ ᠮᠣᠩᠭᠣᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠬᠡᠪᠯᠡᠭᠦᠯᠦᠭᠰᠡᠨ ᠦᠷ᠎ᠡ ᠪᠦᠲᠦᠭᠡᠯ ᠤᠨ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠠᠵᠢᠯ᠎ᠤᠨ ᠦᠵᠡᠭᠦᠯᠭᠡ ᠵᠢᠨ ᠲᠠᠰᠤᠭ ᠲᠠᠬᠢ ᠲᠤᠰᠬᠠᠢ ᠦᠵᠡᠭᠦᠯᠭᠡ ᠵᠢᠨ ᠲᠣᠭᠣᠷᠢᠭ
ᠰᠤᠯᠢᠯᠴᠠᠨ ᠶᠠᠷᠢᠯᠴᠠᠬᠤ ᠬᠤᠷᠠᠯ᠎ᠤᠨ ᠠᠬᠤᠢ ᠲᠠᠯᠠᠪᠠᠢ
ᠣᠷᠴᠢᠭᠤᠯᠤᠭᠴᠢ᠄ ᠡᠷᠳᠡᠨᠢᠰᠤᠪᠤᠳ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ