ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠤᠮᠠᠷᠠᠲᠤ ᠬᠢᠯᠢ ᠵᠢᠨ ᠰᠣᠶᠣᠯ᠎ᠤᠨ ᠰᠤᠳᠤᠷ ᠪᠢᠴᠢᠭ᠎ᠤᠨ ᠡᠬᠢ ᠪᠠᠶᠠᠯᠢᠭ᠎ᠤᠨ ᠬᠥᠮᠥᠷᠭᠡ ᠵᠢᠨ ᠲᠠᠪᠴᠠᠩ᠎ᠢ ᠵᠢᠩᠬᠢᠨᠢ᠎ᠪᠠᠷ ᠨᠡᠢ᠌ᠳᠡᠯᠡᠪᠠ
ᠨᠡᠶ᠋ᠢᠲᠡᠯᠡᠭᠰᠡᠨ ᠴᠠᠭ᠄ 2024-04-12

      ᠶᠡᠷᠦᠩᠬᠡᠶ ᠱᠦᠵᠢ ᠰᠢ ᠵᠢᠨ ᠫᠢᠩ᠎ᠤᠨ 2019 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ 《ᠮᠣᠩᠭᠣᠯ ᠬᠡᠯᠡᠨ᠎ᠤ ᠰᠤᠳᠤᠷ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠳᠡᠬᠦᠨ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠪᠦᠯᠬᠦᠮᠳᠡᠨ ᠲᠡᠮᠡᠴᠡᠵᠦ ᠬᠠᠮᠲᠤ᠎ᠪᠠᠷ ᠴᠡᠴᠡᠭᠯᠡᠨ ᠬᠥᠭᠵᠢᠬᠦ ᠵᠢ ᠵᠣᠷᠢᠭᠵᠢᠭᠤᠯᠬᠤ ᠬᠡᠷᠡᠭᠲᠡᠶ》 ᠬᠡᠰᠡᠨ ᠴᠢᠬᠤᠯᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠦᠨᠳᠦᠰᠦᠯᠡᠵᠦ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠪᠣᠯᠤᠨ ᠥᠪᠥᠷ ᠮᠣᠩᠭᠣᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠬᠠᠮᠲᠤᠷᠠᠵᠤ ᠤᠮᠠᠷᠠᠲᠤ ᠬᠢᠯᠢ ᠵᠢᠨ ᠰᠣᠶᠣᠯ᠎ᠤᠨ ᠰᠤᠳᠤᠷ ᠪᠢᠴᠢᠭ᠎ᠤᠨ ᠡᠬᠢ ᠪᠠᠶᠠᠯᠢᠭ᠎ᠤᠨ ᠬᠥᠮᠥᠷᠭᠡ ᠵᠢᠨ ᠲᠠᠪᠴᠠᠩ᠎ᠢ ᠪᠠᠢ᠌ᠭᠤᠯᠵᠤ᠂ 2024 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠵᠢᠩᠬᠢᠨᠢ᠎ᠪᠠᠷ ᠨᠡᠢ᠌ᠳᠡᠯᠡᠪᠡ᠃ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠷᠳᠡᠮ ᠰᠢᠨᠵᠢᠯᠡᠭᠡᠨ᠎ᠤ ᠬᠡᠯᠲᠡᠰ᠎ᠤᠨ ᠭᠡᠰᠢᠭᠦᠨ ᠴᠤᠭᠵᠢᠨ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠨᠢᠮᠠᠷᠠᠰᠢ ᠵᠡᠷᠭᠡ ᠣᠷᠣᠨ᠎ᠤ ᠳᠣᠲᠣᠨᠠᠬᠢ ᠭᠠᠳᠠᠨᠠᠬᠢ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠪᠠ ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠲᠠᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠪᠠ᠃

W020240403329761788446_ORIGIN.png

     

      ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠬᠤᠢ ᠲᠠᠯᠠᠪᠠᠶ᠎ᠳᠤ ᠤᠮᠠᠷᠠᠲᠤ ᠬᠢᠯᠢ ᠵᠢᠨ ᠰᠣᠶᠣᠯ᠎ᠤᠨ ᠰᠤᠳᠤᠷ ᠪᠢᠴᠢᠭ᠎ᠤᠨ ᠡᠬᠢ ᠪᠠᠶᠠᠯᠢᠭ᠎ᠤᠨ ᠬᠥᠮᠥᠷᠭᠡ ᠵᠢᠨ ᠲᠠᠪᠴᠠᠩ᠎ᠢ ᠨᠡᠢ᠌ᠲᠡᠯᠡᠬᠦ ᠶᠣᠰᠣᠯᠠᠯ᠎ᠢ ᠶᠠᠪᠤᠭᠳᠠᠭᠤᠯᠪᠠ
      (ᠭᠡᠷᠡᠯ ᠵᠢᠷᠤᠭ᠎ᠤᠨ ᠢᠷᠡᠯᠲᠡ᠄ ᠥᠪᠥᠷ ᠮᠣᠩᠭᠣᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠮ ᠵᠠᠭᠤᠴᠢᠯᠠᠭᠤᠷ᠎ᠤᠨ ᠲᠥᠪ)

      ᠤᠮᠠᠷᠠᠲᠤ ᠬᠢᠯᠢ ᠵᠢᠨ ᠰᠣᠶᠣᠯ᠎ᠤᠨ ᠰᠤᠳᠤᠷ ᠪᠢᠴᠢᠭ᠎ᠤᠨ ᠡᠬᠢ ᠪᠠᠶᠠᠯᠢᠭ᠎ᠤᠨ ᠬᠥᠮᠥᠷᠭᠡ ᠵᠢᠨ ᠲᠠᠪᠴᠠᠩ᠎ᠨᠢ ᠦᠨᠳᠦᠰᠦᠲᠡᠨ᠎ᠤ ᠰᠤᠳᠤᠷ ᠪᠢᠴᠢᠭ ᠰᠤᠷᠪᠤᠯᠵᠢᠰ᠎ᠤᠨ ᠶᠡᠷᠦᠩᠬᠡᠢ᠌ᠯᠡᠭᠰᠡᠨ ᠬᠠᠮᠢᠶᠠᠷᠤᠯᠲᠠ᠂ ᠣᠯᠠᠨ ᠬᠡᠯᠡᠨ᠎ᠤ ᠰᠤᠳᠤᠷ ᠪᠢᠴᠢᠭ᠎ᠤᠨ OCR᠂ ᠰᠤᠳᠤᠷ ᠪᠢᠴᠢᠭ᠎ᠢ ᠪᠥᠬᠥ ᠠᠭᠤᠯᠭ᠎ᠠ᠎ᠪᠠᠷ᠎ᠨᠢ ᠬᠠᠢ᠌ᠬᠤ᠂ ᠦᠨᠳᠦᠰᠦᠲᠡᠨ᠎ᠤ ᠰᠤᠳᠤᠷ ᠪᠢᠴᠢᠭ᠎ᠤᠨ ᠣᠶᠤᠨᠲᠤ ᠵᠠᠳᠠᠯᠤᠯᠲᠠ᠂ ᠦᠨᠳᠦᠰᠦᠲᠡᠨ᠎ᠤ ᠰᠤᠳᠤᠷ ᠪᠢᠴᠢᠭ᠎ᠢ ᠲᠣᠮᠣ ᠳ᠋ᠠᠢ᠌ᠲ᠋ᠠ᠎ᠪᠠᠷ ᠦᠵᠡᠬᠦᠯᠬᠦ᠂ ᠰᠤᠳᠤᠷ ᠪᠢᠴᠢᠭ᠎ᠤᠨ ᠵᠢᠷᠤᠭ ᠳᠦᠷᠰᠦ ᠵᠢ ᠵᠠᠰᠠᠨ ᠰᠡᠷᠭᠦᠭᠡᠬᠦ ᠪᠠ ᠦᠨᠳᠦᠰᠦᠲᠡᠨ᠎ᠤ ᠰᠤᠳᠤᠷ ᠪᠢᠴᠢᠭ᠎ᠤᠨ ᠮᠡᠳᠡᠯᠭᠡ ᠵᠢᠨ ᠵᠢᠷᠤᠭ᠎ᠤᠨ ᠵᠢᠭᠰᠠᠯ ᠵᠡᠷᠭᠡ ᠰᠢᠰᠲ᠋ᠧᠮ᠎ᠢ ᠨᠢᠭᠡ ᠴᠣᠭᠴᠠᠵᠢᠭᠤᠯᠤᠭᠰᠠᠨ ᠲᠣᠮᠣ ᠬᠡᠯᠪᠡᠷᠢ ᠵᠢᠨ ᠨᠡᠢ᠌ᠯᠡᠯ ᠲᠠᠪᠴᠠᠩ ᠶᠤᠮ᠃ ᠲᠣᠰ ᠲᠠᠪᠴᠠᠩ᠎ᠨᠢ 11291 ᠪᠣᠲᠢ (ᠳᠡᠪᠲᠡᠷ) ᠮᠣᠩᠭᠣᠯ ᠬᠡᠯᠡᠨ᠎ᠤ ᠳ᠋ᠢᠭᠢᠲᠴᠢᠯᠡᠭᠰᠡᠨ ᠰᠤᠳᠤᠷ ᠪᠢᠴᠢᠭ ᠪᠠ 116.3 ᠲᠦᠮᠡᠨ ᠰᠤᠳᠤᠷ ᠪᠢᠴᠢᠭ᠎ᠤᠨ ᠵᠢᠷᠤᠭ ᠳᠦᠷᠰᠦ ᠵᠢ ᠪᠦᠲᠦᠭᠡᠵᠦ᠂ 24 ᠲᠦᠮᠡᠨ ᠵᠤᠷᠪᠤᠰ ᠰᠤᠳᠤᠷ ᠪᠢᠴᠢᠭ᠎ᠤᠨ ᠮᠡᠳᠡᠯᠭᠡ ᠵᠢᠨ ᠵᠢᠷᠤᠭ᠎ᠤᠨ ᠵᠢᠭᠰᠠᠯ᠎ᠤᠨ ᠭᠤᠷᠪᠠᠨ ᠡᠰᠢᠲᠦ ᠪᠦᠯᠦᠭ᠎ᠢ ᠪᠠᠢ᠌ᠭᠤᠯᠤᠭᠰᠠᠨ ᠪᠥᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠲᠣᠭᠣᠷᠢᠨ᠎ᠳᠤ 639 ᠲᠦᠮᠡᠨ ᠥᠰᠥᠭ ᠪᠦᠬᠦᠢ 129 ᠢᠵᠢ ᠬᠣᠪᠣᠷ ᠨᠠᠨᠳᠢᠨ ᠰᠤᠳᠤᠷ ᠪᠢᠴᠢᠭ᠎ᠢ ᠰᠣᠩᠭᠣᠨ ᠪᠥᠬᠥ ᠠᠭᠤᠯᠭ᠎ᠠ᠎ᠪᠠᠷ᠎ᠨᠢ ᠳ᠋ᠢᠭᠢᠲᠴᠢᠯᠡᠵᠦ᠂ ᠳᠤᠮᠳᠠᠳᠤ ᠵᠢᠨ ᠦᠨᠳᠦᠰᠦᠲᠡᠨ᠎ᠤ ᠰᠤᠳᠤᠷ ᠪᠢᠴᠢᠭ᠎ᠢ ᠠᠪᠤᠷᠬᠠᠤ᠂ ᠬᠠᠮᠠᠭ᠋ᠠᠯᠠᠬᠤ᠂ ᠤᠯᠠᠮᠵᠢᠯᠠᠬᠤ᠂ ᠨᠡᠭᠡᠭᠡᠨ ᠠᠰᠢᠭᠯᠠᠬᠤ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃

W020240403329761840318_ORIGIN.jpg

     

      ᠤᠮᠠᠷᠠᠲᠤ ᠬᠢᠯᠢ ᠵᠢᠨ ᠰᠣᠶᠣᠯ᠎ᠤᠨ ᠰᠤᠳᠤᠷ ᠪᠢᠴᠢᠭ᠎ᠤᠨ ᠡᠬᠢ ᠪᠠᠶᠠᠯᠢᠭ᠎ᠤᠨ ᠬᠥᠮᠥᠷᠭᠡ ᠵᠢᠨ ᠲᠠᠪᠴᠠᠩ

W020240403329761873222_ORIGIN.jpg

     

      ᠰᠤᠳᠤᠷ ᠪᠢᠴᠢᠭ᠎ᠤᠨ ᠪᠥᠬᠥ ᠠᠭᠤᠯᠭ᠎ᠠ ᠵᠢᠨ ᠬᠠᠢ᠌ᠯᠳᠠ ᠵᠢᠨ ᠰᠢᠰᠲ᠋ᠧᠮ (ᠥᠰᠥᠭ ᠪᠢᠴᠢᠭ᠎ᠤᠨ ᠬᠠᠢ᠌ᠯᠳᠠ᠂ ᠵᠢᠷᠤᠭ ᠳᠦᠷᠰᠦ ᠵᠢᠨ ᠬᠠᠢ᠌ᠯᠳᠠ᠂ ᠭᠠᠷᠴᠠᠭ᠎ᠤᠨ ᠬᠠᠢ᠌ᠯᠳᠠ᠂ ᠪᠥᠬᠥ ᠠᠭᠤᠯᠭ᠎ᠠ ᠵᠢᠨ ᠬᠠᠢ᠌ᠯᠳᠠ᠂ ᠮᠣᠩᠭᠣᠯ ᠬᠡᠯᠡᠨ᠎ᠤ ᠳᠦᠷᠰᠦ ᠵᠢᠨ ᠬᠠᠢ᠌ᠯᠳᠠ ᠵᠡᠷᠭᠡ ᠣᠯᠠᠨ ᠲᠦᠷᠦᠯ᠎ᠤᠨ ᠣᠶᠤᠨᠲᠤ ᠬᠠᠢ᠌ᠯᠳᠠ ᠵᠢᠨ ᠠᠷᠭ᠎ᠠ ᠬᠡᠯᠪᠡᠷᠢ)

W020240403329761902415_ORIGIN.jpg

     

      ᠦᠨᠳᠦᠰᠦᠲᠡᠨ᠎ᠤ ᠰᠤᠳᠤᠷ ᠪᠢᠴᠢᠭ᠎ᠤᠨ ᠮᠡᠳᠡᠯᠭᠡ ᠵᠢᠨ ᠵᠢᠷᠤᠭ᠎ᠤᠨ ᠵᠢᠭᠰᠠᠯ᠎ᠤᠨ ᠰᠢᠰᠲ᠋ᠧᠮ (ᠦᠨᠳᠦᠰᠦᠲᠡᠨ᠎ᠤ ᠰᠤᠳᠤᠷ ᠪᠢᠴᠢᠭ᠎ᠠᠴᠠ ᠮᠡᠳᠡᠯᠭᠡ ᠵᠢ ᠰᠣᠩᠭᠣᠨ ᠠᠪᠬᠤ ᠪᠤᠶᠤ ᠪᠤᠯᠪᠠᠰᠤᠷᠠᠭᠤᠯᠵᠤ᠂ ᠬᠠᠮᠤᠭ᠎ᠤᠨ ᠡᠴᠦᠰ᠎ᠲᠤ᠎ᠨᠢ ᠮᠡᠳᠡᠯᠭᠡ ᠵᠢ 〈ᠪᠣᠳᠠᠲᠤ ᠴᠣᠭᠴᠠ - ᠬᠠᠷᠢᠴᠠᠭ᠎ᠠ - ᠪᠣᠳᠠᠲᠤ ᠴᠣᠭᠴᠠ〉 ᠪᠤᠶᠤ 〈ᠪᠣᠳᠠᠲᠤ ᠴᠣᠭᠴᠠ - ᠬᠠᠷᠢᠶᠠᠲᠤ ᠨᠡᠷ᠎ᠡ - ᠬᠠᠷᠢᠶᠠᠲᠤ ᠬᠡᠮᠵᠢᠭᠳᠡᠯ〉᠎ᠤᠨ ᠬᠡᠯᠪᠡᠷᠢ᠎ᠪᠠᠷ ᠳᠡᠯᠭᠡᠨ ᠦᠵᠡᠭᠦᠯᠦᠨ᠎ᠡ)

W020240403329761949849_ORIGIN.jpg

     

      ᠦᠨᠳᠦᠰᠦᠲᠡᠨ᠎ᠤ ᠰᠤᠳᠤᠷ ᠪᠢᠴᠢᠭ᠎ᠤᠨ ᠲᠣᠮᠣ ᠳ᠋ᠠᠢ᠌ᠲ᠋ᠠ ᠵᠢᠨ ᠬᠠᠷᠠᠭ᠋ᠠᠨ ᠰᠡᠷᠡᠯ᠎ᠤᠨ ᠰᠢᠰᠲ᠋ᠧᠮ (ᠳᠥᠭᠥᠮᠬᠡᠨ ᠠᠷᠭ᠎ᠠ᠎ᠪᠠᠷ ᠣᠯᠠᠨ ᠲᠠᠯᠠᠲᠤ ᠲᠣᠭ᠎ᠠ ᠪᠠᠷᠢᠮᠲᠠ ᠵᠢᠨ ᠦᠵᠡᠭᠳᠡᠯᠲᠦ ᠵᠠᠭᠪᠤᠷ᠎ᠢ ᠮᠠᠰᠢ ᠲᠦᠷᠭᠡᠨ ᠡᠭᠦᠳᠦᠨ ᠪᠠᠢ᠌ᠭᠤᠯᠵᠤ᠂ ᠬᠡᠷᠡᠭᠯᠡᠭᠴᠢᠳ᠎ᠲᠤ ᠥᠨᠳᠥᠷ ᠪᠦᠲᠦᠮᠵᠢᠲᠡᠢ᠂ ᠣᠨᠣᠪᠴᠢᠲᠠᠢ᠂ ᠠᠮᠤᠷ ᠲᠦᠪᠰᠢᠨ᠂ ᠬᠡᠷᠡᠭᠯᠡᠬᠦ᠎ᠳᠤ ᠬᠢᠯᠪᠠᠷ᠂ ᠲᠣᠭᠲᠠᠪᠤᠷᠢᠲᠠᠢ ᠣᠶᠤᠨᠲᠤ ᠵᠠᠳᠠᠯᠤᠯᠲᠠ ᠵᠢᠴᠢ ᠬᠠᠷᠠᠭ᠋ᠠᠨ ᠰᠡᠷᠡᠯ᠎ᠤᠨ ᠰᠢᠰᠲ᠋ᠧᠮ ᠬᠠᠩᠭ᠋ᠠᠨ᠎ᠠ)  

      ᠤᠮᠠᠷᠠᠲᠤ ᠬᠢᠯᠢ ᠵᠢᠨ ᠰᠣᠶᠣᠯ᠎ᠤᠨ ᠰᠤᠳᠤᠷ ᠪᠢᠴᠢᠭ᠎ᠤᠨ ᠡᠬᠢ ᠪᠠᠶᠠᠯᠢᠭ᠎ᠤᠨ ᠬᠥᠮᠥᠷᠭᠡ ᠵᠢᠨ ᠲᠠᠪᠴᠠᠩ᠎ᠢ ᠨᠡᠢ᠌ᠲᠡᠯᠡᠭᠰᠡᠨ᠎ᠨᠢ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ᠂ ᠳᠤᠮᠳᠠᠳᠤ ᠤᠯᠤᠰ᠎ᠤᠨ ᠲᠡᠦᠬᠡ ᠰᠣᠶᠣᠯ᠎ᠤᠨ ᠰᠤᠳᠤᠯᠤᠯ᠎ᠢ ᠴᠢᠩᠭ᠋ᠠᠳᠬᠠᠬᠤ᠂ ᠲᠡᠭᠦᠨ᠎ᠳᠤ ᠠᠭᠤᠯᠤᠭᠳᠠᠵᠤ ᠪᠦᠬᠦᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠠᠭᠤᠳᠠᠯᠤᠨ ᠪᠠᠳᠠᠷᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠪᠡᠬᠢᠵᠢᠭᠦᠯᠦᠨ ᠬᠥᠭᠵᠢᠭᠦᠯᠬᠦ ᠵᠡᠷᠭᠡ᠎ᠳᠤ ᠴᠥᠮ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃


             ᠣᠷᠴᠢᠭᠤᠯᠤᠭᠴᠢ᠄ ᠤᠷᠢᠬᠠᠨ
              ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
             ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ