ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ᠎ᠤᠨ ᠨᠠᠮ᠎ᠤᠨ ᠡᠭᠦᠷ᠂ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ ᠬᠠᠮᠲᠤᠷᠠᠨ 《ᠤᠯᠤᠰ ᠲᠥᠷᠥ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠪᠠᠲᠤ ᠰᠠᠬᠢᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠦᠷᠨᠢᠭᠦᠯᠪᠡ
ᠨᠡᠶ᠋ᠢᠲᠡᠯᠡᠭᠰᠡᠨ ᠴᠠᠭ᠄ 2024-04-29

      ᠶᠡᠷᠦᠩᠬᠡᠢ ᠱᠦᠵᠢ ᠰᠢ ᠵᠢᠨ ᠫᠢᠩ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯᠤᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 23᠎ᠤ ᠡᠳᠦᠷ᠂ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ᠎ᠤᠨ ᠨᠠᠮ᠎ᠤᠨ ᠡᠭᠦᠷ ᠪᠣᠯᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ ᠬᠠᠮᠲᠤᠷᠠᠨ 《ᠦᠵᠡᠯ ᠰᠠᠨᠠᠭ᠎ᠠ ᠤᠯᠤᠰ ᠲᠦᠷᠦ ᠵᠢᠨ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠪᠠᠲᠤ ᠰᠠᠬᠢᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠦᠷᠨᠢᠭᠦᠯᠪᠡ᠃

W020240423662073159096_ORIGIN.jpg     

      ᠠᠵᠢᠯᠯᠠᠭ᠎ᠠ᠎ᠨᠢ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠤᠬᠤ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠰᠣᠨᠢᠷᠬᠠᠬᠤ᠂ ᠶᠠᠷᠢᠯᠴᠠᠵᠤ ᠬᠤᠪᠢᠶᠠᠯᠴᠠᠬᠤ ᠵᠡᠷᠭᠡ ᠬᠡᠯᠪᠡᠷᠢ᠎ᠪᠠᠷ ᠶᠠᠪᠤᠭᠳᠠᠵᠠᠢ᠃ ᠡᠩ ᠲᠡᠷᠢᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠰᠬᠠᠶ ᠲᠤᠰᠢᠶᠠᠯᠲᠤ ᠭᠡᠰᠢᠭᠦᠨ ᠠᠯᠲᠠ ᠲᠤᠰᠬᠠᠶ ᠰᠡᠳᠦᠪᠲᠦ ᠨᠠᠮ᠎ᠤᠨ ᠬᠢᠴᠢᠶᠡᠯ ᠣᠷᠣᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠶ᠋ᠢᠯ᠎ᠤᠨ ᠴᠢᠬᠤᠯᠠ ᠴᠢᠨᠠᠷ᠂ ᠨᠠᠮ᠎ᠤᠨ ᠰᠠᠬᠢᠯᠭ᠎ᠠ ᠪᠠᠲᠤ ᠵᠢᠨ ᠬᠥᠮᠦᠵᠢᠯ᠎ᠲᠠᠢ ᠤᠶᠠᠯᠳᠤᠭᠤᠯᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠬᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠬᠡᠷᠬᠢᠨ ᠰᠠᠶ᠋ᠢᠲᠤᠷ ᠰᠠᠬᠢᠬᠤ ᠵᠡᠷᠭᠡ ᠭᠤᠷᠪᠠᠨ ᠲᠠᠯ᠎ᠠ᠎ᠠᠴᠠ ᠭᠦᠨᠵᠡᠭᠡᠶ ᠪᠥᠭᠡᠳ ᠣᠶ᠋ᠢᠯᠠᠭ᠋ᠠᠮᠵᠢᠲᠠᠶ ᠲᠠᠢ᠌ᠯᠪᠤᠷᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢᠨ ᠣᠨᠣᠯ᠎ᠤᠨ ᠪᠥᠷᠢᠯᠳᠥᠯ᠎ᠢ ᠰᠢᠰᠲ᠋ᠧᠮ᠎ᠲᠠᠢ ᠡᠮᠬᠢᠯᠡᠵᠦ᠂ ᠦᠨᠳᠦᠰᠦᠲᠡᠨ᠎ᠤ ᠬᠡᠯᠡ ᠪᠢᠴᠢᠭ᠂ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠱᠠᠭ᠋ᠠᠷᠳᠠᠯᠭ᠎ᠠ ᠳᠤᠷᠠᠳᠪᠠ᠃ ᠳᠠᠷᠠᠭ᠎ᠠ᠎ᠳᠤ᠎ᠨᠢ᠂ ᠪᠥᠬᠥ ᠨᠠᠮ᠎ᠤᠨ ᠭᠡᠰᠢᠭᠦᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ 《ᠬᠣᠷᠢᠭ᠎ᠠ ᠱᠤᠭᠤᠮ᠎ᠤᠨ ᠵᠠᠳᠠᠷᠠᠯ》᠎ᠢ ᠬᠠᠮᠲᠤ᠎ᠪᠠᠷ ᠦᠵᠡᠵᠦ᠂ ᠲᠣᠰ ᠲᠣᠰ᠎ᠤᠨ ᠠᠵᠢᠯ᠎ᠤᠨ ᠪᠠᠶ᠋ᠢᠷᠢ᠂ ᠲᠤᠰᠢᠶᠠᠯ ᠬᠠᠷᠢᠭᠤᠴᠠᠯᠭ᠎ᠠ᠂ ᠠᠵᠢᠯ᠎ᠤᠨ ᠪᠤᠲᠠᠲᠠᠢ᠎ᠳᠤ᠎ᠪᠠᠨ ᠠᠩᠬᠠᠷᠤᠯ ᠵᠶ᠋ᠠᠨ ᠲᠦᠪᠯᠡᠷᠡᠭᠦᠯᠵᠦ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠂ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ᠂ ᠬᠠᠮᠢᠶᠠᠷᠤᠯᠲᠠ᠎ᠪᠠᠨ ᠴᠢᠩᠭ᠋ᠠᠳᠬᠠᠬᠤ᠂ ᠬᠣᠷᠢᠭ᠎ᠠ ᠱᠤᠭᠤᠮ᠎ᠢ ᠰᠠᠬᠢᠬᠤ ᠵᠡᠷᠭᠡ ᠠᠰᠠᠭᠤᠳᠠᠯ᠎ᠤᠨ ᠲᠤᠬᠠᠶ ᠬᠥᠭᠵᠢᠶᠡᠨᠲᠡᠶ ᠶᠠᠷᠢᠯᠴᠠᠭ᠎ᠠ ᠥᠷᠨᠢᠭᠦᠯᠵᠦ᠂ ᠠᠵᠢᠯᠯᠠᠭ᠎ᠠ ᠵᠢᠨ ᠦᠷ᠎ᠡ ᠪᠦᠲᠦᠮᠵᠢ ᠵᠢ ᠪᠦᠲᠦᠮᠵᠢᠲᠡᠶ ᠭᠦᠨᠵᠡᠭᠡᠶ᠋ᠢᠷᠡᠭᠦᠯᠪᠡ᠃
      ᠲᠣᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠵᠤ᠂ ᠨᠠᠮ᠎ᠤᠨ ᠭᠡᠰᠢᠭᠦᠳ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠲᠦᠷᠢᠮ᠎ᠤᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮᠴᠢ ᠴᠢᠨᠠᠷ᠎ᠤᠨ ᠬᠡᠪ ᠪᠣᠯᠪᠠᠰᠤᠷᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠳᠤ᠎ᠬᠢ ᠤᠯᠤᠰ ᠲᠥᠷᠥ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠴᠠᠭ ᠢᠮᠠᠭᠲᠠ ᠴᠢᠩᠭ᠋ᠠᠷᠠᠭᠤᠯᠵᠤ᠂ ᠣᠳᠣ ᠵᠢᠨ ᠥᠷᠨᠢᠭᠦᠯᠵᠦ ᠪᠠᠶ᠋ᠢᠭ᠎ᠠ ᠨᠠᠮ᠎ᠤᠨ ᠰᠠᠬᠢᠯᠭ᠎ᠠ ᠪᠠᠲᠤ ᠵᠢᠨ ᠬᠥᠮᠦᠵᠢᠯ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠲᠠᠢ ᠤᠶᠠᠯᠳᠤᠭᠤᠯᠵᠤ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤ ᠥᠷᠨᠢᠭᠦᠯᠬᠦ ᠵᠢ ᠪᠠᠷᠢᠮᠳᠠᠯᠠᠵᠤ᠂ ᠪᠠᠶ᠋ᠢᠳᠠᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠨᠠᠷᠢᠨ ᠵᠠᠳᠠᠯᠵᠤ ᠰᠤᠳᠤᠯᠤᠨ ᠮᠠᠭ᠋ᠠᠳᠯᠠᠵᠤ᠂ ᠠᠶᠤᠯ ᠲᠦᠭᠰᠢᠭᠦᠷᠢ ᠬᠡᠮ ᠰᠣᠭᠣᠭ᠎ᠢ ᠴᠠᠭ ᠲᠤᠬᠠᠶ᠎ᠳᠤ᠎ᠨᠢ ᠠᠷᠢᠯᠭ᠋ᠠᠵᠤ᠂ ᠦᠨᠳᠦᠰᠦᠲᠡᠨ᠎ᠤ ᠬᠡᠯᠡ ᠪᠢᠴᠢᠭ᠂ ᠦᠨᠳᠦᠰᠦᠲᠡᠨ᠎ᠤ ᠰᠤᠳᠤᠷ ᠪᠢᠴᠢᠭ᠎ᠤᠨ ᠬᠠᠮᠢᠶ᠎ᠠ ᠪᠥᠬᠥᠶ ᠲᠠᠪᠴᠠᠩ᠂ ᠨᠣᠮ ᠪᠢᠴᠢᠭ᠂ ᠲᠥᠷᠥᠯ ᠵᠥᠢ᠍ᠯ ᠵᠡᠷᠭᠡ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠤᠨ ᠬᠠᠮᠢᠶᠠᠷᠤᠯᠲᠠ ᠵᠢ ᠪᠦᠲᠦᠮᠵᠢᠲᠡᠶ ᠴᠢᠩᠭ᠋ᠠᠳᠬᠠᠵᠤ᠂ ᠦᠨᠳᠦᠰᠦᠲᠡᠨ᠎ᠤ  ᠴᠠᠷᠠᠭ᠎ᠠ ᠬᠦᠷᠢᠶᠡᠨ᠎ᠳᠠᠬᠢ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠰᠠᠶ᠋ᠢᠲᠤᠷ ᠰᠠᠬᠢᠬᠤ ᠵᠢᠨ ᠲᠥᠯᠥᠭᠡ ᠪᠥᠬᠥ ᠬᠦᠴᠦᠨ ᠵᠶ᠋ᠠᠷ ᠵᠶ᠋ᠠᠨ ᠴᠢᠷᠮᠠᠢ᠌ᠨ᠎ᠠ ᠭᠡᠵᠡᠭᠡᠪᠡ᠃


           ᠣᠷᠴᠢᠭᠤᠯᠤᠭᠴᠢ᠄ ᠣᠶᠤᠨᠲᠠᠨ᠎ᠠ
           ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ
   

ᠢᠷᠡᠯᠲᠡ᠄ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ