5 ᠳ᠋ᠤᠭ᠋ᠠᠷ ᠰᠠᠷ᠎ᠠ ᠵᠢᠨ 8᠎ᠤ ᠡᠳᠦᠷ᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠡᠮᠬᠢᠳᠬᠡᠨ ᠰᠤᠳᠤᠯᠬᠤ ᠲᠠᠰᠤᠭ ᠪᠣᠯᠣᠨ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ ᠵᠢᠨ ᠤᠬᠠᠭᠤᠯᠬᠤ ᠬᠡᠯᠲᠡᠰ᠎ᠤᠨ ᠪᠣᠳᠠᠲᠠᠢ ᠵᠢᠯᠣᠭᠣᠳᠤᠯᠭ᠎ᠠ ᠳᠣᠣᠷ᠎ᠠ᠂ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠂ ᠭᠤᠸᠠᠩᠰᠢ ᠵᠢᠨ ᠬᠡᠪᠯᠡᠯ ᠵᠠᠭᠤᠴᠢᠯᠠᠭᠤᠷ᠎ᠤᠨ ᠪᠦᠯᠦᠭᠯᠡᠯ᠂ ᠭᠤᠸᠠᠩᠰᠢ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠮᠲᠤᠷᠠᠨ ᠡᠷᠭᠢᠯᠡᠭᠰᠡᠨ ᠠᠩᠬᠠᠳᠠᠭᠴᠢ ᠪᠥᠬᠥ ᠤᠯᠤᠰ᠎ᠤᠨ ᠡᠷᠲᠡᠨ᠎ᠤ ᠵᠤᠸᠠᠩ ᠦᠰᠦᠭᠳᠦ ᠰᠤᠳᠤᠷ ᠪᠢᠴᠢᠭ᠎ᠢ ᠡᠮᠬᠢᠳᠬᠡᠬᠦ ᠪᠠ ᠬᠡᠪᠯᠡᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠰᠤᠳᠤᠯᠤᠨ ᠰᠤᠷᠤᠯᠴᠠᠬᠤ ᠬᠤᠸᠠᠷᠠᠨ (ᠳᠣᠷᠣᠭᠰᠢ ᠰᠤᠳᠤᠯᠤᠨ ᠰᠤᠷᠤᠯᠴᠠᠬᠤ ᠬᠤᠸᠠᠷᠠᠨ ᠭᠡᠵᠦ ᠲᠣᠪᠴᠢᠯᠠᠨ᠎ᠠ) ᠭᠤᠸᠠᠩᠰᠢ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠡᠬᠢᠯᠡᠯᠲᠡ ᠵᠢᠨ ᠶᠣᠰᠣᠯᠠᠯ ᠶᠠᠪᠤᠭᠤᠯᠪᠠ᠃ ᠬᠤᠸᠠᠷᠠᠨ᠎ᠳᠤ ᠪᠡᠭᠡᠵᠢᠩ᠂ ᠥᠪᠥᠷ ᠮᠣᠩᠭᠣᠯ᠂ ᠬᠢᠷᠢᠨ᠂ ᠬᠤᠪᠧᠢ᠂ ᠬᠤᠨᠠᠨ᠂ ᠰᠧᠴᠤᠸᠠᠨ᠂ ᠭᠦᠢ᠍ᠵᠧᠦ᠂ ᠶᠦᠨᠨᠠᠨ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ᠂ ᠭᠤᠸᠠᠩᠰᠢ ᠵᠡᠷᠭᠡ 13 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠠᠴᠠ ᠢᠷᠡᠭᠰᠡᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠲᠠᠨ ᠪᠠ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠠᠪᠤᠷᠠᠬᠤ᠂ ᠴᠤᠭᠯᠠᠭᠤᠯᠬᠤ᠂ ᠡᠮᠬᠢᠳᠬᠡᠬᠦ᠂ ᠰᠤᠳᠤᠯᠬᠤ᠂ ᠭᠡᠪᠯᠡᠬᠦ᠂ ᠳ᠋ᠢᠬᠢᠲᠴᠢᠯᠡᠬᠦ ᠵᠡᠷᠭᠡ ᠠᠵᠢᠯ᠎ᠢ ᠡᠷᠬᠢᠯᠡᠵᠦ ᠪᠠᠢ᠌ᠭ᠎ᠠ ᠡᠯ᠎ᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ ᠡᠷᠳᠡᠮᠲᠡᠨ᠂ ᠡᠯ᠎ᠡ ᠬᠡᠪᠯᠡᠯ᠎ᠤᠨ ᠬᠣᠷᠢᠶ᠎ᠠ ᠵᠢᠨ ᠭᠣᠣᠯᠯᠠᠭᠴᠢ ᠨᠠᠢ᠌ᠷᠠᠭᠤᠯᠤᠭᠴᠢ ᠵᠢᠴᠢ ᠭᠤᠸᠠᠩᠰᠢ ᠵᠢᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯᠲᠠᠳ᠎ᠤᠨ 《ᠲᠠᠪᠤᠨ ᠡᠩᠨᠡᠭᠡ》 ᠵᠢᠨ ᠲᠥᠯᠥᠭᠡᠯᠡᠭᠴᠢ ᠵᠡᠷᠭᠡ ᠨᠡᠢ᠍ᠢ᠍ᠳᠡ 14 ᠦᠨᠳᠦᠰᠦᠲᠡᠨ᠎ᠤ 115 ᠬᠥᠮᠥᠨ ᠣᠷᠤᠯᠴᠠᠪᠠ᠃ ᠡᠭᠦᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ ᠪᠣᠯᠣᠨ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠡᠪᠯᠡᠯ᠎ᠤᠨ ᠬᠣᠷᠢᠶ᠎ᠠ ᠵᠢᠨ 6 ᠲᠥᠯᠥᠭᠡᠯᠡᠭᠴᠢ ᠣᠷᠣᠯᠴᠠᠪᠠ᠃
ᠲᠣᠰ ᠤᠳᠠᠭ᠋ᠠᠨ᠎ᠤ ᠰᠤᠳᠤᠯᠤᠨ ᠰᠤᠷᠤᠯᠴᠠᠬᠤ ᠬᠤᠸᠠᠷᠠᠨ᠎ᠨᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠤᠨ ᠲᠤᠭᠤᠷᠢᠨ᠎ᠳᠤ᠂ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠬᠡᠪᠯᠡᠬᠦ ᠴᠢᠳᠠᠪᠤᠷᠢᠲᠠᠨ᠎ᠢ ᠢᠯᠡᠷᠡᠭᠦᠯᠬᠦ ᠪᠠ ᠬᠥᠮᠥᠵᠢᠭᠦᠯᠬᠦ ᠠᠵᠢᠯ᠎ᠢ ᠰᠠᠢ᠌ᠲᠤᠷ ᠬᠢᠬᠦ》᠎ᠪᠠᠷ ᠭᠣᠣᠯ ᠰᠡᠳᠦᠪ ᠪᠤᠯᠭ᠋ᠠᠵᠠᠢ᠃ ᠭᠤᠷᠪᠠᠨ ᠡᠳᠦᠷ᠎ᠤᠨ ᠬᠤᠭᠤᠴᠠᠭ᠎ᠠ᠎ᠲᠠᠢ ᠰᠤᠳᠤᠯᠤᠨ ᠰᠤᠷᠤᠯᠴᠠᠬᠤ ᠬᠤᠸᠠᠷᠠᠨ᠎ᠨᠢ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠡᠮᠬᠢᠳᠬᠡᠨ ᠰᠤᠳᠤᠯᠬᠤ ᠲᠠᠰᠤᠭ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ ᠵᠦᠢ ᠪᠠ ᠤᠭᠰᠠᠭ᠋ᠠᠲᠠᠨ ᠵᠦᠢ ᠰᠤᠳᠤᠯᠬᠤ ᠭᠠᠵᠠᠷ᠂ ᠤᠯᠤᠰ᠎ᠤᠨ ᠨᠣᠮ᠎ᠤᠨ ᠰᠠᠩ᠂ ᠹᠦᠳᠠᠨ ᠶᠡᠬᠡ ᠰᠤᠷᠭ᠋ᠠᠭᠤᠯᠢ ᠵᠢᠨ ᠨᠣᠮ᠎ᠤᠨ ᠰᠠᠩ ᠵᠡᠷᠭᠡ ᠤᠯᠤᠰ᠎ᠤᠨ ᠳᠣᠲᠣᠭ᠋ᠠᠳᠤ ᠵᠢᠨ ᠨᠠᠷᠠᠲᠤ ᠲᠤᠰᠬᠠᠢ ᠮᠡᠷᠭᠡᠵᠢᠯᠲᠡᠨ᠎ᠢ ᠤᠷᠢᠵᠤ ᠬᠢᠴᠢᠶᠡᠯ ᠤᠷᠤᠭᠤᠯᠵᠦ᠂ ᠦᠨᠳᠦᠰᠦᠲᠡᠨ᠎ᠤ ᠡᠷᠲᠡᠨ᠎ᠤ ᠦᠰᠦᠭ ᠪᠢᠴᠢᠭ᠎ᠤᠨ ᠰᠤᠳᠤᠷ ᠪᠢᠴᠢᠭ ᠰᠤᠷᠪᠤᠯᠵᠢ ᠪᠢᠴᠢᠭ᠎ᠢ ᠡᠮᠬᠢᠳᠬᠡᠬᠦ ᠤᠢ᠌ᠯᠡᠳᠦᠯᠭᠡ᠂ ᠰᠤᠳᠤᠷ ᠪᠢᠴᠢᠭ᠎ᠢ ᠡᠮᠬᠢᠳᠬᠡᠬᠦ ᠪᠠ ᠬᠡᠪᠯᠡᠯ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠰᠤᠳᠤᠷ ᠪᠢᠴᠢᠭ᠎ᠢ ᠳ᠋ᠢᠬᠢᠲᠴᠢᠯᠡᠬᠦ ᠠᠵᠢᠯ᠂ ᠰᠤᠳᠤᠷ ᠪᠢᠴᠢᠭ᠎ᠤᠨ ᠬᠡᠪᠯᠡᠯ᠎ᠢ ᠬᠢᠨᠠᠨ ᠲᠣᠭᠲᠠᠭ᠋ᠠᠬᠤ ᠵᠡᠷᠭᠡ ᠲᠤᠰᠬᠠᠢ ᠰᠡᠳᠦᠪ᠎ᠤᠨ ᠲᠣᠭᠣᠷᠢᠨ᠎ᠳᠤ ᠰᠣᠳᠤᠯᠭ᠎ᠠ ᠰᠤᠷᠤᠯᠴᠠᠯᠭ᠎ᠠ ᠥᠷᠨᠢᠭᠦᠯᠪᠡ᠃ ᠰᠤᠳᠤᠯᠤᠨ ᠰᠤᠷᠤᠯᠴᠠᠬᠤ ᠬᠤᠸᠠᠷᠠᠨ᠎ᠤ ᠬᠤᠭᠤᠴᠠᠭ᠋ᠠᠨ᠎ᠳᠤ᠂ ᠪᠦᠬᠦ ᠤᠯᠤᠰ᠎ᠤᠨ ᠡᠯ᠎ᠡ ᠮᠤᠵᠢ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠪᠠᠢ᠌ᠭᠤᠯᠤᠮᠵᠢ ᠵᠢᠨ ᠲᠦᠯᠦᠭᠡᠯᠡᠭᠴᠢᠳ ᠦᠨᠳᠦᠰᠦᠲᠡᠨ᠎ᠤ ᠦᠰᠦᠭ ᠪᠢᠴᠢᠭ᠎ᠤᠨ ᠰᠤᠳᠤᠷ ᠪᠢᠴᠢᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠠᠵᠢᠯ᠎ᠤᠨ ᠲᠤᠬᠠᠢ ᠲᠤᠷᠰᠢᠯᠭ᠎ᠠ᠎ᠪᠠᠨ ᠰᠣᠯᠢᠯᠴᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠤᠩᠬᠡᠢ ᠬᠢᠨᠠᠨ ᠣᠷᠴᠢᠭᠤᠯᠤᠭᠴᠢ᠄ ᠸᠠᠩ ᠰᠢᠤᠸᠠᠢ ᠳ᠋ᠦᠩ