ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠳᠤᠮᠳᠠᠳᠤ ᠤᠯᠤᠰ᠎ᠤᠨ ᠭᠤᠷᠪᠠᠨ ᠶᠡᠬᠡ ᠪᠠᠭ᠋ᠠᠲᠤᠷᠯᠢᠭ ᠲᠤᠤᠯᠢ ᠵᠢᠨ ᠴᠠᠭ ᠦᠶ᠎ᠡ ᠵᠢᠨ ᠦᠨ᠎ᠡ ᠦᠷᠳᠡᠭ᠎ᠢ ᠠᠭᠤᠳᠠᠯᠵᠤ ᠤᠶᠤᠨᠴᠢᠯᠠᠬᠰᠠᠨ 《ᠵᠢᠭᠦᠷ》 ᠤᠷᠭᠤᠭᠤᠯᠵᠤ ᠪᠠᠭ᠋ᠠᠲᠤᠷᠯᠢᠭ ᠲᠤᠤᠯᠢ 《ᠵᠠᠩᠭ᠋ᠠᠷ》᠎ᠤᠨ ᠡᠬᠢ ᠪᠠᠶᠠᠯᠢᠭ᠎ᠤᠨ ᠪᠦᠳᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠢ ᠡᠮᠬᠢ ᠵᠢᠷᠤᠮ᠎ᠲᠠᠢ ᠠᠬᠢᠭᠤᠯᠵᠤ ᠪᠣᠢ
ᠨᠡᠶ᠋ᠢᠲᠡᠯᠡᠭᠰᠡᠨ ᠴᠠᠭ᠄ 2024-05-31

      ᠣᠢ᠌ᠷ᠎ᠠ᠎ᠳᠤ᠂ ᠪᠠᠭ᠋ᠠᠲᠤᠷᠯᠢᠭ ᠲᠤᠤᠯᠢ 《ᠵᠠᠩᠭ᠋ᠠᠷ》᠎ᠤᠨ ᠡᠬᠢ ᠪᠠᠶᠠᠯᠢᠭ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ — 《ᠵᠠᠩᠭ᠋ᠠᠷ》᠎ᠤᠨ ᠤᠶᠤᠨᠲᠤ ᠮᠠᠰᠢᠨ ᠬᠥᠮᠦᠨ᠂ 《ᠵᠠᠩᠭ᠋ᠠᠷ》᠎ᠤᠨ ᠤᠬᠠᠭᠤᠯᠭ᠎ᠠ ᠵᠢᠨ ᠺᠠᠷᠲ᠋ᠣᠨ ᠵᠢᠷᠤᠭ᠂ 《ᠵᠠᠩᠭ᠋ᠠᠷ》᠎ᠤᠨ ᠵᠢᠷᠤᠭᠲᠤ ᠳᠡᠪᠲᠡᠷ᠎ᠢ ᠥᠷᠢᠰᠥᠯᠳᠦᠭᠡᠨ᠎ᠤ ᠴᠢᠨᠠᠷᠲᠠᠶ ᠵᠥᠪᠳᠡᠯᠴᠡᠭᠡᠷ᠎ᠤᠨ ᠬᠡᠯᠪᠡᠷᠢ᠎ᠪᠠᠷ ᠬᠥᠬᠡᠬᠣᠲᠠ᠎ᠳᠤ ᠬᠤᠳᠠᠯᠳᠤᠨ ᠠᠪᠬᠤ ᠠᠵᠢᠯ ᠶᠠᠪᠤᠭᠳᠠᠭᠤᠯᠪᠠ᠃ ᠢᠩᠭᠢᠭᠡᠳ ᠪᠠᠭ᠋ᠠᠲᠤᠷᠯᠢᠭ ᠲᠤᠤᠯᠢ 《ᠵᠠᠩᠭ᠋ᠠᠷ》᠎ᠤᠨ ᠡᠬᠢ ᠪᠠᠶᠠᠯᠢᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠥᠢ᠍ᠯ᠎ᠢ ᠬᠤᠳᠠᠯᠳᠤᠨ ᠠᠪᠬᠤ᠎ᠳᠤ ᠵᠥᠪᠬᠡᠨ ᠬᠡᠪᠯᠡᠨ ᠦᠢ᠍ᠯᠡᠳᠬᠦ ᠲᠦᠷᠦᠯ ᠵᠤᠢ᠌ᠯ ᠦᠯᠡᠳᠡᠪᠡ᠃

01.jpg     

      ᠪᠠᠭ᠋ᠠᠲᠤᠷᠯᠢᠭ ᠲᠤᠤᠯᠢ 《ᠵᠠᠩᠭ᠋ᠠᠷ》᠎ᠤᠨ ᠡᠬᠢ ᠪᠠᠶᠠᠯᠢᠭ᠎ᠤᠨ ᠪᠦᠳᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠤᠨ ᠬᠠᠮᠲᠤᠷᠠᠨ ᠮᠡᠳᠡᠭᠦᠯᠦᠭᠰᠡᠨ 《2023 ᠣᠨ᠎ᠤ ᠦᠨᠳᠦᠰᠦᠲᠡᠨ᠎ᠤ ᠠᠵᠢᠯ᠎ᠤᠨ ᠲᠤᠰᠬᠠᠢ ᠵᠠᠷᠤᠳᠠᠯ》᠎ᠤᠨ ᠲᠦᠷᠦᠯ ᠵᠦᠢ᠍ᠯ ᠪᠣᠯᠤᠨ᠎ᠠ᠃ ᠲᠣᠰ ᠲᠥᠷᠥᠯ ᠵᠦᠢᠯ᠎ᠳᠤ ᠥᠪᠡᠷᠲᠡᠭᠡᠨ ᠵᠠᠰᠠᠬᠤ ᠣᠷᠣᠨ᠎ᠤ ᠬᠠᠮᠲᠤ᠎ᠪᠠᠷ ᠡᠳ᠋ᠯᠡᠬᠦ ᠡᠬᠢ ᠪᠠᠶᠠᠯᠢᠭ᠎ᠤᠨ ᠰᠦᠯᠵᠢᠶᠡᠨ ᠳᠡᠭᠡᠷ᠎ᠡ 《ᠵᠠᠩᠭ᠋ᠠᠷ》᠎ᠤᠨ ᠲᠤᠰᠬᠠᠶ ᠪᠤᠯᠤᠩ ᠭᠠᠷᠭ᠋ᠠᠵᠤ᠂ 《ᠵᠠᠩᠭ᠋ᠠᠷ》᠎ᠤᠨ ᠤᠶᠤᠨᠲᠤ ᠮᠠᠰᠢᠨ ᠬᠥᠮᠦᠨ ᠵᠢᠴᠢ ᠢᠵᠢ ᠪᠥᠷᠢᠳᠦᠭᠰᠡᠨ ᠵᠥᠭᠡᠯᠡᠨ ᠬᠠᠲᠠᠭᠤ ᠲᠣᠨᠣᠭ᠎ᠤᠨ ᠰᠢᠰᠲ᠋ᠧᠮ᠎ᠢ ᠪᠠᠢ᠌ᠭᠤᠯᠵᠤ᠂ 《ᠵᠠᠩᠭ᠋ᠠᠷ》᠎ᠤᠨ ᠭᠣᠤᠯ ᠪᠠᠭ᠋ᠠᠳᠤᠷᠴᠤᠳ᠎ᠤᠨ ᠵᠠᠭᠪᠤᠷ᠎ᠢ ᠦᠢ᠍ᠯᠡᠳᠬᠦ᠂ 《ᠵᠠᠩᠭ᠋ᠠᠷ》᠎ᠤᠨ ᠵᠢᠷᠤᠭᠲᠤ ᠳᠡᠪᠲᠡᠷ᠎ᠢ ᠬᠡᠪᠯᠡᠬᠦᠯᠬᠦ᠂ 《ᠵᠠᠩᠭ᠋ᠠᠷ》᠎ᠤᠨ ᠤᠬᠠᠭᠤᠯᠭ᠎ᠠ ᠵᠢᠨ ᠺᠠᠷᠲ᠋ᠣᠨ ᠵᠢᠷᠤᠭ᠎ᠢ ᠦᠢ᠍ᠯᠡᠳᠬᠦ᠂ 《ᠵᠠᠩᠭ᠋ᠠᠷ》᠎ᠤᠨ ᠥᠯᠢᠭᠡᠷ᠎ᠤᠨ ᠪᠦᠯᠦᠭ ᠬᠡᠰᠡᠭ᠎ᠢ ᠳ᠋ᠢᠵᠢᠲ᠋ᠠᠯᠵᠢᠭᠤᠯᠬᠤ ᠵᠡᠷᠬᠡ ᠠᠭᠤᠯᠭ᠎ᠠ ᠵᠢ ᠪᠠᠭᠲᠠᠭ᠋ᠠᠨ᠎ᠠ᠂ ᠲᠤᠰ ᠲᠦᠷᠦᠯ ᠵᠤᠢ᠌ᠯ᠎ᠢ 2 ᠵᠢᠯ᠎ᠤᠨ ᠲᠤᠳᠤᠷ᠎ᠠ ᠬᠢᠵᠦ ᠳᠠᠭᠤᠰᠬᠠᠨ᠎ᠠ᠃

02.jpg

      《ᠵᠠᠩᠭ᠋ᠠᠷ》᠎ᠤᠨ ᠤᠶᠤᠨᠲᠤ ᠮᠠᠰᠢᠨ ᠬᠥᠮᠦᠨ ᠵᠡᠷᠭᠡ ᠡᠬᠢ ᠪᠠᠶᠠᠯᠢᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠪᠠᠢ᠌ᠭᠤᠯᠤᠭᠳᠠᠭᠰᠠᠨ᠎ᠨᠢ ᠭᠠᠳᠠᠭ᠋ᠠᠳᠤ ᠲᠤᠳᠤᠭ᠋ᠠᠳᠤ᠎ᠳᠤ ᠠᠯᠳᠠᠷᠰᠢᠭᠰᠠᠨ 《ᠭᠤᠷᠪᠠᠨ ᠶᠡᠬᠡ ᠲᠤᠤᠯᠢ》 ᠵᠢᠨ ᠨᠢᠬᠡ ᠪᠤᠯᠬᠤ 《ᠵᠠᠩᠭ᠋ᠠᠷ》᠎ᠢ ᠤᠶᠤᠨᠴᠢᠯᠠᠭᠰᠠᠨ ᠠᠷᠭ᠎ᠠ ᠪᠠᠷᠢᠯ ᠵᠶ᠋ᠠᠷ ᠳᠠᠮᠵᠢᠭᠤᠯᠵᠤ ᠨᠠᠩ ᠠᠮᠢᠳᠤᠯᠢᠭ ᠮᠦᠷᠳᠡᠬᠡᠨ ᠨᠠᠩ ᠰᠣᠨᠢᠷᠬᠠᠯᠲᠠᠶ ᠬᠡᠯᠪᠡᠷᠢ᠎ᠪᠠᠷ ᠵᠢᠡᠷ ᠣᠯᠠᠨ ᠲᠦᠮᠡᠨ᠎ᠳᠤ ᠬᠠᠷᠠᠭᠤᠯᠵᠤ᠂ ᠬᠥᠮᠦᠰ᠎ᠲᠤ ᠴᠣ᠋ ᠰᠢᠨ᠎ᠡ ᠤᠷᠠᠯᠢᠭ᠎ᠤᠨ ᠰᠤᠨᠢᠷᠬᠠᠮᠵᠢ ᠵᠢ ᠬᠠᠩᠭ᠋ᠠᠵᠤ᠂ ᠬᠥᠮᠦᠰ᠎ᠢ ᠬᠠᠪᠰᠤᠷᠤᠨ 《ᠵᠠᠩᠭ᠋ᠠᠷ》᠎ᠤᠨ ᠲᠤᠤᠯᠢ ᠵᠢ ᠨᠠᠩ ᠰᠠᠢ᠌ᠨ ᠣᠢ᠌ᠯᠠᠭ᠋ᠠᠭᠤᠯᠤᠨ ᠰᠤᠷᠤᠯᠴᠠᠭᠤᠯᠵᠤ᠂ 《ᠵᠦᠬᠡᠯᠡᠨ ᠬᠤᠷ᠎ᠠ ᠲᠦᠮᠡᠨ ᠪᠣᠳᠠᠰ᠎ᠢ ᠤᠮᠳᠠᠯᠠᠬᠤ》 ᠳᠤᠮᠳᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ 《ᠵᠠᠩᠭ᠋ᠠᠷ》᠎ᠲᠤ ᠠᠭᠤᠯᠤᠭᠳᠠᠵᠤ ᠪᠠᠢ᠌ᠭ᠎ᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠭᠣᠣᠯᠯᠠᠬᠤ ᠦᠵᠡᠯ ᠰᠠᠨᠠᠭ᠋ᠠᠨ᠎ᠤ ᠣᠢ᠌ᠯᠠᠭ᠋ᠠᠭᠳᠠᠬᠤᠨ᠎ᠢ ᠴᠢᠩᠭ᠋ᠠᠳᠬᠠᠵᠤ᠂ ᠳᠤᠮᠳᠠᠳᠤ ᠵᠢᠨ ᠬᠥᠮᠦᠨ ᠰᠣᠶᠣᠯ᠎ᠤᠨ ᠵᠣᠷᠢᠭ ᠰᠠᠨᠠᠭ᠋ᠠᠨ᠎ᠤ ᠲᠠᠨᠢᠨ ᠮᠡᠳᠡᠬᠦᠶ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠡᠳᠬᠢᠯᠭᠡ ᠵᠢᠨ ᠰᠠᠭᠤᠷᠢ  ᠪᠤᠯᠤᠨ ᠰᠣᠶᠣᠯ᠎ᠤᠨ ᠰᠠᠭᠤᠷᠢ ᠵᠢ ᠪᠡᠬᠢᠵᠢᠬᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠠᠤᠭ᠎ᠠ ᠬᠦᠴᠦᠨ᠎ᠢ ᠨᠢᠭᠲᠠᠷᠠᠭᠤᠯᠤᠨ᠎ᠠ᠃

03.jpg

 




         ᠣᠷᠴᠢᠭᠤᠯᠤᠭᠴᠢ᠄  ᠤᠶᠤᠨᠰᠡᠴᠡᠨ
         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
         ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠳᠠᠰᠤᠭ