ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
2024 ᠣᠨ᠎ᠤ 《ᠰᠤᠳᠤᠷ ᠪᠢᠴᠢᠭ (ᠡᠷᠲᠡᠨ᠎ᠤ ᠪᠠᠭᠤᠷᠢ)᠎ᠲᠤ᠎ᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ》 ᠭᠡᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-06-14

1.jpg

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠰᠤᠳᠤᠷ ᠪᠢᠴᠢᠭ᠎ᠤᠨ ᠠᠵᠢᠯ᠎ᠢ ᠰᠠᠢ᠌ᠲᠤᠷ ᠬᠢᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠢ᠌ᠯᠠᠭ᠋ᠠᠬᠤ ᠵᠢᠨ ᠲᠦᠯᠦᠭᠡ᠂ ᠪᠡᠭᠡᠵᠢᠩ ᠬᠣᠲᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠦᠪᠯᠡᠯ᠂ ᠦᠨᠳᠦᠰᠦᠲᠡᠨ᠎ᠤ ᠰᠣᠶᠣᠯ᠎ᠤᠨ ᠣᠷᠳᠣᠨ᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ ᠬᠠᠮᠲᠤ᠎ᠪᠠᠷ ᠵᠢᠭ᠋ᠠᠨ ᠵᠢᠯᠦᠭᠤᠳᠤᠭᠰᠠᠨ᠂ ᠪᠡᠭᠡᠵᠢᠩ ᠬᠣᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠲᠥᠪ᠎ᠨᠢ ᠦᠨᠳᠦᠰᠦᠲᠡᠨ᠎ᠤ ᠰᠣᠶᠣᠯ᠎ᠤᠨ ᠣᠷᠳᠣᠨ᠎ᠤ ᠨᠣᠮ᠎ᠤᠨ ᠰᠠᠩ (ᠳᠤᠮᠳᠠᠳᠤ ᠤᠯᠤᠰ᠎ᠤᠨ ᠦᠨᠳᠦᠰᠦᠲᠡᠨ᠎ᠤ ᠨᠣᠮ᠎ᠤᠨ ᠰᠠᠩ)᠎ᠲᠠᠢ ᠬᠠᠮᠲᠤᠷᠠᠨ ᠡᠷᠭᠢᠯᠡᠭᠰᠡᠨ 2024 ᠣᠨ᠎ᠤ 《ᠰᠤᠳᠤᠷ ᠪᠢᠴᠢᠭ (ᠡᠷᠲᠡᠨ᠎ᠤ ᠦᠯᠡᠳᠡᠭᠳᠡᠯ)᠎ᠲᠤ᠎ᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ》 ᠭᠡᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ 5 ᠳ᠋ᠤᠭ᠋ᠠᠷ ᠰᠠᠷ᠎ᠠ ᠵᠢᠨ 31᠎ᠤ ᠡᠳᠦᠷ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠬᠤᠷᠠᠯᠳᠤᠪᠠ᠃ ᠰᠤᠳᠤᠯᠤᠨ ᠶᠠᠷᠢᠯᠴᠠᠬᠤ ᠬᠤᠷᠠᠯ᠎ᠢ ᠪᠡᠭᠡᠵᠢᠩ ᠬᠤᠳᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠲᠥᠪ᠎ᠤᠨ ᠡᠷᠬᠢᠯᠡᠭᠴᠢ ᠭᠤᠤ ᠰᠢᠨ ᠡᠷᠬᠢᠯᠡᠪᠡ᠃

2.jpg     

      ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠰᠦᠨ ᠪᠥᠸᠧ ᠵᠢᠶᠦ᠋ᠨ᠂ ᠴᠧᠨ ᠶᠧ᠂ ᠰᠢᠶᠠᠨ ᠪᠠ᠂ ᠬᠤᠸᠠᠩ ᠵᠢᠨ ᠳ᠋ᠦᠩ᠂ ᠮᠠ ᠰᠢᠶᠣᠣ ᠹᠠᠩ᠂ ᠯᠢ ᠷᠦᠸᠸ ᠢᠦᠢ᠂ ᠯᠢ ᠵᠢᠶᠠ ᠼᠠᠢ ᠷᠧᠨ᠂ ᠮᠠᠢ ᠬᠠᠢ ᠵᠣ᠌ ᠵᠡᠷᠭᠡ 8 ᠲᠤᠰᠬᠠᠢ ᠮᠡᠷᠭᠡᠵᠢᠯᠲᠡᠨ᠎ᠢ ᠤᠷᠢᠵᠤ ᠶᠠᠷᠢᠶ᠎ᠠ ᠲᠠᠯᠪᠢᠭᠤᠯᠪᠠ᠃ ᠲᠤᠰᠬᠠᠢ ᠮᠡᠷᠭᠡᠵᠢᠯᠲᠡᠳ ᠡᠳᠦᠭᠡ ᠪᠡᠭᠡᠵᠢᠩ᠎ᠳᠤ ᠬᠠᠳᠠᠭ᠋ᠠᠯᠠᠭᠳᠠᠵᠤ ᠪᠠᠢ᠌ᠭ᠎ᠠ  ᠪᠠᠷᠠᠭᠤᠨ ᠰᠢᠶᠠ ᠤᠯᠤᠰ᠎ᠤᠨ ᠰᠤᠳᠤᠷ ᠪᠢᠴᠢᠭ᠂ ᠣᠯᠠᠨ ᠬᠡᠯᠡᠨ᠎ᠤ ᠰᠤᠳᠤᠷ ᠪᠢᠴᠢᠭ ᠵᠢᠴᠢ ᠬᠠᠪᠰᠤᠷᠭ᠋ᠠᠭᠰᠠᠨ ᠰᠤᠳᠤᠷ ᠪᠢᠴᠢᠭ᠂  ᠰᠤᠳᠤᠷ ᠪᠢᠴᠢᠭ᠎ᠲᠤ ᠢᠯᠡᠷᠡᠭᠰᠡᠨ ᠠᠷᠠᠳ᠎ᠤᠨ ᠵᠠᠩ ᠦᠢ᠍ᠯᠡ ᠵᠢᠨ ᠨᠡᠢ᠌ᠯᠡᠯᠳᠡ᠂ ᠣᠯᠠᠨ ᠦᠨᠳᠦᠰᠦᠲᠡᠨ᠎ᠤ ᠰᠣᠶᠣᠯ᠎ᠤᠨ ᠰᠤᠳᠤᠷ ᠪᠢᠴᠢᠭ (ᠡᠷᠲᠡᠨ᠎ᠤ ᠦᠯᠡᠳᠡᠭᠳᠡᠯ)᠎ᠲᠤ᠎ᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠡᠷᠭᠡ ᠲᠠᠯ᠎ᠠ᠎ᠠᠴᠠ ᠰᠤᠳᠤᠷ ᠪᠢᠴᠢᠭ (ᠡᠷᠲᠡᠨ᠎ᠤ ᠦᠯᠡᠳᠡᠭᠳᠡᠯ)᠎ᠲᠤ ᠢᠯᠡᠷᠡᠭᠰᠡᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠭᠦᠨᠵᠡᠭᠡᠢ ᠠᠭᠤᠳᠠᠯᠵᠤ᠂ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠭᠴᠠᠵᠢᠭᠰᠠᠨ ᠪᠠᠢ᠌ᠷᠢᠰᠢᠯ᠎ᠤᠨ ᠪᠦᠷᠢᠯᠳᠦᠯ ᠬᠤᠪᠢᠰᠤᠯᠲᠠ ᠵᠢ ᠠᠮᠢᠳᠤᠯᠢᠭ ᠵᠶ᠋ᠠᠷ ᠲᠠᠢ᠌ᠯᠪᠤᠷᠢᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠡᠷᠬᠢᠮ ᠨᠠᠨᠳᠢᠨ ᠭᠡᠷᠡᠴᠢ ᠬᠠᠩᠭ᠋ᠠᠭᠰᠠᠨ ᠪᠠᠢ᠌ᠨ᠎ᠠ᠃ 
      ᠦᠨᠳᠦᠰᠦᠲᠡᠨ᠎ᠤ ᠰᠣᠶᠣᠯ᠎ᠤᠨ ᠣᠷᠳᠣᠨ᠎ᠤ ᠳᠡᠳ᠋ ᠡᠷᠬᠢᠯᠡᠭᠴᠢ ᠮᠸᠨ ᠹᠠ ᠶᠠᠨ ᠪᠠᠶᠠᠷ᠎ᠤᠨ ᠦᠭᠡ ᠬᠡᠯᠡᠪᠡ᠃ ᠲᠡᠷᠡ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠠᠵᠢᠯ᠎ᠢ ᠥᠷᠨᠢᠭᠦᠯᠬᠦ ᠪᠣᠯ ᠮᠠᠨ᠎ᠤ ᠤᠯᠤᠰ᠎ᠤᠨ ᠡᠯ᠎ᠡ ᠱᠠᠲᠤᠨ᠎ᠤ ᠦᠨᠳᠦᠰᠦᠲᠡᠨ᠎ᠤ ᠵᠦᠪᠯᠡᠯ (ᠦᠨᠳᠦᠰᠦᠲᠡᠨ ᠱᠠᠰᠢᠨ ᠰᠤᠷᠳᠠᠬᠤᠨ᠎ᠤ ᠵᠥᠪᠯᠡᠯ) ᠵᠢᠴᠢ ᠲᠡᠭᠦᠨ᠎ᠤ ᠬᠠᠷᠢᠶ᠎ᠠ ᠰᠣᠶᠣᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠡᠭᠦᠷᠭᠡᠯᠡᠵᠦ ᠪᠠᠢ᠌ᠭ᠎ᠠ ᠭᠣᠣᠯ ᠲᠤᠰᠢᠶᠠᠯ ᠬᠠᠷᠢᠭᠤᠴᠠᠯᠭ᠎ᠠ ᠵᠢᠨ ᠨᠢᠭᠡ᠎ᠨᠢ ᠮᠥᠨ᠃ 2005 ᠣᠨ᠎ᠠᠴᠠ ᠡᠬᠢᠯᠡᠵᠦ᠂ ᠦᠨᠳᠦᠰᠦᠲᠡᠨ᠎ᠤ ᠰᠣᠶᠣᠯ᠎ᠤᠨ ᠣᠷᠳᠣᠨ᠎ᠠᠴᠠ ᠰᠤᠳᠤᠷ ᠪᠢᠴᠢᠭ ᠰᠤᠳᠤᠯᠬᠤ ᠠᠵᠢᠯ᠎ᠤᠨ ᠴᠠᠷᠠᠭ᠎ᠠ ᠬᠦᠷᠢᠶᠡᠨ᠎ᠳᠤ ᠪᠡᠭᠡᠵᠢᠩ ᠬᠤᠲᠠ ᠵᠢᠨ ᠦᠨᠳᠦᠰᠦᠳᠡᠨ ᠱᠠᠰᠢᠨ ᠰᠤᠷᠲᠠᠬᠤᠨ᠎ᠤ ᠵᠥᠪᠯᠡᠯ᠎ᠲᠠᠢ ᠬᠠᠮᠳᠤᠷᠠᠵᠤ 《ᠪᠡᠭᠡᠵᠢᠩ ᠣᠷᠣᠨ᠎ᠤ ᠮᠣᠩᠭᠣᠯ ᠬᠡᠯᠡᠨ᠎ᠤ ᠰᠤᠳᠤᠷ ᠪᠢᠴᠢᠭ᠎ᠤᠨ ᠶᠡᠷᠦᠩᠬᠡᠢ ᠭᠠᠷᠴᠠᠭ (ᠨᠢᠭᠡ᠂ ᠬᠣᠶᠠᠷ)》᠂ 《ᠪᠡᠭᠡᠵᠢᠩ ᠣᠷᠣᠨ᠎ᠤ ᠬᠣᠲᠣᠩ ᠦᠨᠳᠦᠰᠦᠲᠡᠨ᠎ᠤ ᠰᠤᠳᠤᠷ ᠪᠢᠴᠢᠭ᠎ᠤᠨ ᠶᠡᠷᠦᠩᠬᠡᠢ ᠭᠠᠷᠴᠠᠭ᠎ᠤᠨ ᠲᠣᠪᠴᠢ》᠂ 《ᠪᠡᠭᠡᠵᠢᠩ ᠣᠷᠣᠨ᠎ᠤ ᠲᠥᠪᠡᠳ ᠰᠤᠳᠤᠷ ᠪᠢᠴᠢᠭ᠎ᠤᠨ ᠶᠡᠷᠦᠩᠬᠡᠢ ᠭᠠᠷᠴᠠᠭ》᠂ 《ᠪᠡᠭᠡᠵᠢᠩ ᠣᠷᠣᠨ᠎ᠤ ᠮᠠᠨᠵᠤ ᠬᠡᠯᠡᠨ᠎ᠤ ᠰᠤᠳᠤᠷ ᠪᠢᠴᠢᠭ᠎ᠤᠨ ᠶᠡᠷᠦᠩᠬᠡᠢ ᠭᠠᠷᠴᠠᠭ》 ᠵᠡᠷᠭᠡ ᠬᠢᠲᠠᠳ ᠬᠡᠯᠡ᠂ ᠮᠠᠨᠵᠤ ᠬᠡᠯᠡ᠂ ᠮᠣᠩᠭᠣᠯ ᠬᠡᠯᠡ᠂ ᠲᠥᠪᠡᠳ ᠬᠡᠯᠡᠨ᠎ᠳᠤ ᠬᠣᠯᠪᠣᠭᠳᠠᠭᠰᠠᠨ ᠠᠷᠪᠠ ᠭᠠᠷᠤᠢ ᠵᠦᠢ᠍ᠯ᠎ᠤᠨ ᠰᠤᠳᠤᠷ  ᠪᠢᠴᠢᠭ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠢ ᠬᠡᠪᠯᠡᠭᠦᠯᠵᠡᠢ᠃ ᠰᠢᠨ᠎ᠡ ᠴᠠᠭ ᠦᠶ᠎ᠡ᠎ᠳᠤ ᠣᠷᠣᠭᠰᠠᠨ᠎ᠠᠴᠠ ᠨᠠᠭ᠋ᠠᠰᠢ᠂ ᠦᠨᠳᠦᠰᠦᠲᠡᠨ᠎ᠤ ᠰᠣᠶᠣᠯ᠎ᠤᠨ ᠣᠷᠳᠣᠨ᠎ᠨᠢ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠬᠤᠪᠢ᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠦᠷᠨᠢᠬᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ ᠰᠢᠨ᠎ᠡ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠪᠡᠭᠡᠵᠢᠩ ᠬᠤᠳᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠨᠠᠢ᠌ᠳᠠᠭᠰᠠᠨ ᠲᠦᠷᠦᠯ ᠵᠦᠢ᠍ᠯ 《ᠦᠨᠳᠦᠰᠦᠲᠡᠨ᠎ᠤ ᠰᠤᠳᠤᠷ ᠪᠢᠴᠢᠭ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ  ᠲᠠᠢ᠌ᠯᠪᠤᠷᠢᠯᠠᠬᠤ》᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠢ᠌ᠳᠠᠭᠰᠠᠨ ᠲᠦᠷᠦᠯ ᠵᠦᠢ᠍ᠯ 《ᠦᠨᠳᠦᠰᠦᠲᠡᠨ᠎ᠤ ᠰᠣᠶᠣᠯ᠎ᠤᠨ ᠣᠷᠳᠣᠨ᠎ᠤ ᠨᠣᠮ᠎ᠤᠨ ᠰᠠᠩ᠎ᠳᠤ ᠬᠠᠳᠠᠭ᠋ᠠᠯᠠᠭᠳᠠᠵᠤ ᠪᠠᠢ᠌ᠭ᠎ᠠ ᠤᠯᠠᠨ ᠦᠰᠦᠭ ᠪᠢᠴᠢᠭ᠎ᠢ ᠬᠠᠪᠰᠤᠷᠭ᠋ᠠᠭᠰᠠᠨ  ᠰᠤᠳᠤᠷ ᠪᠢᠴᠢᠭ᠎ᠤᠨ ᠶᠡᠷᠦᠩᠬᠡᠢ ᠭᠠᠷᠴᠠᠭ᠎ᠤᠨ ᠲᠤᠪᠴᠢ》 ᠵᠢ ᠨᠠᠢ᠌ᠷᠠᠭᠤᠯᠵᠦ ᠪᠡᠶᠡᠯᠡᠭᠦᠯᠪᠡ᠃ ᠰᠤᠳᠤᠷ ᠪᠢᠴᠢᠭ ᠰᠤᠷᠪᠤᠯᠵᠢᠰ᠎ᠲᠤ ᠰᠠᠭᠤᠷᠢᠯᠠᠭᠰᠠᠨ ᠶᠠᠷᠢᠯᠴᠠᠭ᠎ᠠ ᠰᠤᠳᠤᠯᠭ᠋ᠠᠨ᠎ᠢ ᠥᠷᠨᠢᠭᠦᠯᠬᠦ᠎ᠨᠢ ᠭᠦᠨ ᠵᠤᠵᠠᠭ᠋ᠠᠨ ᠰᠣᠶᠣᠯ᠎ᠤᠨ ᠠᠭᠤᠯᠤᠭᠳᠠᠬᠤᠨ᠎ᠤ ᠲᠤᠮᠳᠠ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠲᠡᠤᠭᠡᠨ ᠳᠤᠷᠠᠰᠤᠮᠵᠢ ᠪᠠ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠠᠭᠤᠳᠠᠯᠵᠦ᠂ 《ᠲᠠᠪᠤᠨ ᠮᠡᠳᠡᠷᠡᠬᠦᠢ》 ᠵᠢᠨ ᠠᠷᠭ᠎ᠠ ᠬᠡᠮᠵᠢᠶ᠎ᠡ ᠵᠢ ᠲᠠᠰᠤᠷᠠᠯᠳᠠ ᠦᠭᠡᠢ ᠨᠡᠮᠡᠭᠳᠡᠭᠦᠯᠦᠭᠰᠡᠨ ᠶᠠᠪᠤᠳᠠᠯ ᠪᠣᠯᠣᠨ᠎ᠠ᠂ ᠮᠦᠨ ᠴᠦ᠍ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠯᠠᠷᠢᠯᠠᠭᠤᠯᠬᠤ ᠪᠠ ᠰᠢᠨ᠎ᠡ ᠵᠢ ᠡᠭᠦᠳᠬᠦ ᠴᠢᠨᠠᠷ᠎ᠲᠠᠢ ᠬᠦᠭᠵᠢᠯᠳᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠭᠡᠵᠦ ᠢᠯᠡᠳᠭᠡᠪᠡ᠃ 

3.jpg     

      ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ ᠰᠦᠨ ᠵᠢᠢ ᠸᠧᠢ ᠶᠠᠷᠢᠶᠠᠨ᠎ᠳᠤ᠎ᠪᠠᠨ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠡᠬᠢ ᠪᠠᠶᠠᠯᠢᠭ ᠪᠣᠯᠭ᠋ᠠᠬᠤ᠎ᠳᠤ ᠡᠷᠬᠡᠪᠰᠢ 《ᠨᠢᠭᠡ ᠭᠣᠣᠯ ᠰᠢᠵᠢᠮ᠎ᠢ ᠪᠠᠷᠢᠮᠲᠠᠯᠠᠵᠤ᠂ ᠭᠤᠷᠪᠠᠨ ᠵᠦᠢ᠍ᠯ᠎ᠤᠨ ᠠᠵᠢᠯ᠎ᠢ ᠰᠠᠢ᠌ᠲᠤᠷ ᠠᠳᠬᠤᠬᠤ》 ᠬᠡᠷᠡᠭᠲᠡᠢ᠂ ᠲᠤᠬᠠᠢ᠌ᠯᠠᠪᠠᠯ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠪᠠᠷᠢᠮᠲᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠢ ᠥᠷᠨᠢᠭᠦᠯᠬᠦ ᠭᠤᠷᠪᠠᠨ ᠪᠤᠳᠠᠳᠤ ᠵᠠᠩᠭᠢᠯᠠᠭ᠎ᠠ ᠵᠢ ᠠᠳᠬᠤᠬᠤ ᠬᠡᠷᠡᠭᠲᠡᠢ᠂ ᠨᠢᠭᠡ᠎ᠳᠤ ᠴᠤᠭᠯᠠᠭᠤᠯᠵᠤ ᠬᠠᠮᠠᠭ᠋ᠠᠯᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ 《ᠦᠯᠡᠳᠡᠭᠡᠵᠦ ᠳᠡᠶ᠋ᠢᠯᠬᠦ》 ᠬᠡᠷᠡᠭᠲᠡᠢ᠃ ᠬᠣᠶᠠᠷ᠎ᠲᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠠᠵᠢᠯ᠎ᠢ ᠭᠣᠣᠯᠳᠠᠯᠭ᠎ᠠ᠎ᠲᠠᠢ ᠠᠬᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ 《ᠦᠵᠡᠭᠡᠳ ᠤᠢ᠌ᠯᠠᠭ᠋ᠠᠬᠤ》 ᠪᠤᠯᠭ᠋ᠠᠨ᠎ᠠ᠃ ᠭᠤᠷᠪᠠ᠎ᠳᠤ ᠤᠬᠠᠭᠤᠯᠤᠨ ᠠᠰᠢᠭᠯᠠᠬᠤ ᠵᠢ ᠢᠳᠡᠪᠬᠢᠲᠡᠢ ᠴᠢᠩᠭ᠋ᠠᠳᠬᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ 《ᠠᠮᠢᠯᠠᠭᠤᠯᠬᠤ》 ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃

4.jpg     

      ᠪᠡᠭᠡᠵᠢᠩ ᠬᠤᠳᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠸᠩ ᠪᠥᠸᠧ ᠶᠠᠷᠢᠶ᠎ᠠ ᠲᠠᠯᠪᠢᠬᠤ᠎ᠳᠤ᠎ᠪᠠᠨ᠂ ᠬᠣᠢ᠌ᠰᠢᠳᠠ ᠪᠡᠭᠡᠵᠢᠩ᠎ᠤᠨ ᠰᠤᠳᠤᠷ ᠪᠢᠴᠢᠭ (ᠡᠷᠲᠡᠨ᠎ᠤ ᠦᠯᠡᠳᠡᠭᠳᠡᠯ) ᠎ᠲᠤ᠎ᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠰᠤᠳᠤᠯᠭ᠋ᠠᠨ᠎ᠢ ᠴᠢᠷᠮᠠᠢ᠌ᠨ ᠠᠬᠢᠭᠤᠯᠬᠤ ᠬᠡᠷᠡᠭᠲᠡᠢ᠂ ᠨᠢᠭᠡ᠎ᠳᠤ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠴᠢᠩᠭ᠋ᠠᠳᠬᠠᠨ᠎ᠠ᠃ ᠬᠣᠶᠠᠷ᠎ᠲᠤ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠯᠲᠠ ᠬᠢᠬᠦ ᠪᠠ ᠭᠡᠷᠡᠴᠢᠯᠡᠨ ᠰᠤᠳᠤᠯᠬᠤ ᠵᠢ ᠴᠢᠬᠤᠯᠠᠴᠢᠯᠠᠨ᠎ᠠ᠃ ᠭᠤᠷᠪᠠ᠎ᠳᠤ ᠳ᠋ᠢᠬᠢᠲᠴᠢᠯᠠᠨᠰᠠᠨ ᠮᠡᠷᠭᠡᠵᠢᠯ᠎ᠤᠨ ᠬᠡᠷᠡᠭᠯᠡᠭᠡ ᠵᠢ ᠥᠷᠨᠢᠭᠦᠯᠦᠨ᠎ᠡ᠃ ᠳᠥᠷᠪᠡ᠎ᠳᠤ ᠤᠯᠠᠮᠵᠢᠯᠠᠬᠤ ᠪᠠ ᠪᠠᠳᠠᠷᠠᠭᠤᠯᠬᠤ ᠵᠢ ᠴᠢᠩᠭ᠋ᠠᠳᠬᠠᠨ᠎ᠠ᠃ ᠪᠡᠭᠡᠵᠢᠩ ᠬᠣᠲᠠ᠎ᠨᠢ ᠨᠡᠢ᠌ᠰᠯᠡᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠢᠳᠡᠪᠬᠢᠲᠡᠢ ᠠᠰᠢᠭᠯᠠᠵᠤ᠂ ᠰᠣᠶᠣᠯ᠎ᠤᠨ ᠲᠥᠪ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠳᠤᠷ ᠪᠢᠴᠢᠭ (ᠡᠷᠲᠡᠨ᠎ᠤ ᠦᠯᠡᠳᠡᠭᠳᠡᠯ)᠎ᠤᠨ ᠰᠤᠳᠤᠯᠭ᠋ᠠᠨ᠎ᠤ ᠭᠦᠨᠴᠡ ᠪᠠ ᠥᠷᠭᠡᠴᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠡᠬᠦᠨ᠎ᠤ ᠳᠣᠲᠣᠷᠠᠬᠢ ᠰᠣᠶᠣᠯ᠎ᠤᠨ ᠠᠭᠤᠯᠤᠭᠳᠠᠬᠤᠨ ᠪᠤᠯᠤᠨ ᠲᠡᠦᠬᠡ ᠵᠢᠨ ᠦᠨ᠎ᠡ ᠦᠷᠳᠡᠭ᠎ᠢ ᠭᠦᠨᠵᠡᠭᠡᠢ ᠠᠭᠤᠳᠠᠯᠵᠤ᠂ ᠰᠤᠳᠤᠷ ᠪᠢᠴᠢᠭ (ᠡᠷᠲᠡᠨ᠎ᠤ ᠦᠯᠡᠳᠡᠭᠳᠡᠯ)᠎ᠢ ᠬᠠᠮᠠᠭ᠋ᠠᠯᠠᠬᠤ᠂ ᠤᠯᠠᠮᠵᠢᠯᠠᠬᠤ ᠪᠠ ᠠᠰᠢᠭᠯᠠᠬᠤ ᠠᠵᠢᠯ᠎ᠢ ᠠᠬᠢᠭᠤᠯᠵᠤ᠂ 《ᠰᠤᠳᠤᠷ ᠪᠢᠴᠢᠭ᠎ᠲᠤ ᠪᠢᠴᠢᠭᠳᠡᠭᠰᠡᠨ ᠦᠰᠦᠭ ᠪᠢᠴᠢᠭ᠎ᠢ ᠦᠨᠡᠨ ᠬᠦ᠌ ᠠᠮᠢᠯᠠᠭᠤᠯᠬᠤ》 ᠵᠢ ᠪᠠᠲᠤᠯᠠᠵᠤ᠂ ᠳᠤᠮᠳᠠᠳᠤ ᠵᠢᠨ ᠦᠨᠳᠦᠰᠦᠲᠡᠨ᠎ᠤ ᠬᠣᠪᠣᠷ ᠨᠠᠨᠳᠢᠨ ᠰᠣᠶᠣᠯ᠎ᠤᠨ ᠥᠪ᠎ᠢ ᠤᠯᠠᠮ ᠴᠢᠨᠠᠭᠰᠢᠳᠠ ᠬᠠᠮᠠᠭ᠋ᠠᠯᠠᠨ ᠤᠯᠠᠮᠵᠢᠯᠠᠵᠤ᠂ ᠡᠳᠡᠭᠡᠷ ᠬᠣᠪᠣᠷ ᠨᠠᠨᠳᠢᠨ ᠡᠳ᠋ ᠬᠥᠷᠥᠩᠭᠡ ᠵᠢ ᠰᠢᠨ᠎ᠡ ᠴᠠᠭ ᠦᠶ᠎ᠡ᠎ᠳᠤ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃




           ᠬᠢᠨᠠᠨ ᠤᠷᠴᠢᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

 

ᠢᠷᠡᠯᠲᠡ᠄ ᠪᠡᠭᠡᠵᠢᠩ ᠬᠣᠲᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠬᠡᠷᠡᠭ ᠡᠷᠬᠢᠯᠡᠬᠦ ᠵᠦᠪᠯᠡᠯ᠂ ᠦᠨᠳᠦᠰᠦᠲᠡᠨ᠎ᠤ ᠰᠤᠶᠤᠯ᠎ᠤᠨ ᠣᠷᠳᠤᠨ᠎ᠤ ᠨᠣᠮ