ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠳᠤᠳᠬᠠᠬᠤ ᠵᠢᠨ ᠲᠥᠯᠥᠭᠡ᠂ 2024 ᠣᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠣᠨᠣᠯ ᠰᠤᠳᠤᠯᠬᠤ ᠭᠠᠵᠠᠷ᠂ ᠰᠤᠷᠭ᠋ᠠᠨ ᠬᠥᠮᠦᠵᠢᠯ᠎ᠤᠨ ᠭᠠᠵᠠᠷ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ ᠪᠣᠯᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠲᠠᠪᠤᠳᠤᠭ᠋ᠠᠷ ᠨᠠᠮ᠎ᠤᠨ ᠡᠭᠦᠷ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ᠂ ᠬᠠᠮᠳᠤ᠎ᠪᠠᠷ 《ᠨᠠᠮ᠎ᠤᠨ ᠰᠠᠬᠢᠯᠭ᠎ᠠ ᠪᠠᠲᠤ ᠨᠠᠮ᠎ᠤᠨ ᠲᠣᠭᠲᠠᠭ᠋ᠠᠯ᠎ᠢ ᠰᠤᠷᠤᠯᠴᠠᠵᠤ ᠠᠷᠢᠭᠤᠨ ᠴᠢᠬᠡᠴᠢ ᠵᠢᠨ ᠰᠡᠷᠭᠡᠢ᠌ᠯᠡᠯᠲᠡ ᠵᠢᠨ ᠱᠤᠭᠤᠮ᠎ᠢ ᠪᠠᠢ᠌ᠭᠤᠯᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ᠃
ᠠᠵᠢᠯᠯᠠᠭ᠎ᠠ ᠵᠢᠨ ᠳᠤᠮᠳᠠ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠰᠠᠭᠤᠷᠢᠨ ᠭᠠᠵᠠᠷ᠎ᠤᠨ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠵᠢ ᠪᠤᠳᠤᠬᠤ ᠥᠬᠡᠶ ᠪᠠᠢ᠌ᠬᠤ ᠭᠤᠷᠪᠠᠨ ᠦᠵᠡᠭᠦᠯᠭᠡ ᠵᠢᠨ ᠲᠢᠩᠬᠢᠮ ᠪᠠ 《ᠴᠢᠩᠭ᠋ᠠᠯᠠᠬᠤ᠂ ᠠᠶᠤᠬᠤ᠂ ᠴᠠᠭ᠋ᠠᠵᠠᠯᠠᠬᠤ᠂ ᠢᠴᠢᠭᠦᠷᠢᠰᠢᠬᠦ᠂ ᠲᠣᠯᠢᠯᠠᠬᠤ》 ᠲᠠᠪᠤᠨ ᠦᠵᠡᠭᠦᠯᠭᠡ ᠵᠢᠨ ᠲᠣᠭᠣᠷᠢᠭ᠎ᠢ ᠳᠠᠷᠠᠭ᠋ᠠᠯᠠᠨ ᠲᠣᠭᠣᠷᠢᠨ ᠦᠵᠡᠪᠡ᠃ ᠵᠢᠷᠤᠭ ᠪᠢᠴᠢᠭ᠎ᠢ ᠵᠡᠷᠭᠡ᠎ᠪᠠᠷ ᠬᠡᠷᠡᠭᠯᠡᠬᠦ᠂ ᠬᠡᠢ᠌ᠰᠪᠦᠷᠢ ᠳᠦᠷᠰᠦ ᠪᠦᠲᠦᠭᠡᠬᠦ᠂ ᠲᠠᠭᠤ ᠭᠡᠷᠡᠯ ᠴᠠᠬᠢᠯᠭ᠋ᠠᠨ᠎ᠢ ᠤᠶᠠᠯᠳᠤᠭᠤᠯᠬᠤ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠲᠤᠬᠠᠢ ᠴᠢᠬᠤᠯᠠ ᠶᠠᠷᠢᠶ᠎ᠠ ᠪᠣᠯᠤᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢᠴᠢ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠢ᠎ᠡ ᠵᠢ ᠲᠣᠭᠣᠷᠢᠨ ᠰᠤᠷᠤᠯᠴᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠵᠢᠷᠦᠬᠡ ᠰᠡᠳᠬᠢᠯ᠎ᠳᠤ᠎ᠪᠠᠨ ᠬᠠᠳᠠᠩᠰᠢᠭᠤᠯᠵᠤ᠂ ᠨᠠᠮ᠎ᠤᠨ ᠲᠦᠷᠢᠮ ᠵᠶ᠋ᠡᠷ ᠪᠠᠷᠢᠮᠵᠢᠶ᠎ᠠ ᠪᠣᠯᠭ᠋ᠠᠵᠤ᠂ ᠨᠠᠮ᠎ᠤᠨ ᠰᠠᠬᠢᠯᠭ᠎ᠠ ᠪᠠᠲᠤ᠎ᠪᠠᠷ ᠪᠠᠷᠢᠮᠵᠢᠶ᠎ᠠ ᠪᠣᠯᠭ᠋ᠠᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠣᠢ᠌ᠯᠠᠭ᠋ᠠᠬᠤ᠂ ᠰᠠᠬᠢᠯᠭ᠎ᠠ ᠪᠠᠲᠤ ᠵᠢ ᠲᠣᠳᠣᠷᠬᠠᠢ᠌ᠯᠠᠬᠤ᠂ ᠰᠠᠬᠢᠯᠭ᠎ᠠ ᠪᠠᠲᠤ ᠵᠢ ᠰᠠᠬᠢᠬᠤ ᠵᠢ ᠪᠡᠶᠡᠯᠡᠭᠦᠯᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ