
ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠨᠢ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ ᠰᠤᠳᠤᠯᠬᠤ ᠭᠠᠵᠠᠷ᠎ᠤᠨ ᠤᠷᠢᠯᠭ᠎ᠠ᠎ᠪᠠᠷ ᠳᠤᠮᠳᠠᠳᠤ ᠮᠣᠩᠭᠣᠯ ᠣᠷᠣᠰ ᠭᠤᠷᠪᠠᠨ ᠤᠯᠤᠰ᠎ᠤᠨ 《ᠵᠠᠩᠭ᠋ᠠᠷ》᠎ᠤᠨ ᠤᠯᠠᠮᠵᠢᠯᠠᠯ ᠪᠠ ᠰᠤᠳᠤᠯᠭ᠋ᠠᠨ᠎ᠤ ᠶᠠᠷᠢᠯᠴᠠᠭ᠋ᠠᠨ᠎ᠤ ᠲᠠᠪᠴᠠᠩ᠎ᠳᠤ ᠤᠷᠤᠯᠴᠠᠵᠤ᠂ ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠡᠷᠳᠡᠮᠲᠡᠨ᠎ᠲᠠᠢ ᠬᠠᠮᠲᠤ᠎ᠪᠠᠷ 《ᠵᠠᠩᠭ᠋ᠠᠷ》᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠲᠡᠦᠬᠡ᠂ 《ᠵᠠᠩᠭ᠋ᠠᠷ》᠎ᠤᠨ ᠲᠤᠤᠯᠢᠰ᠎ᠤᠨ ᠤᠯᠠᠮᠵᠢᠯᠠᠯ᠎ᠤᠨ ᠣᠳᠣᠬᠢ ᠪᠠᠢ᠌ᠳᠠᠯ᠂ ᠵᠠᠩᠭ᠋ᠠᠷᠴᠢ ᠵᠢᠨ ᠰᠤᠳᠤᠯᠭ᠋ᠠᠨ ᠪᠠ ᠪᠦᠷᠢᠳᠬᠡᠯ᠂ 《ᠵᠠᠩᠭ᠋ᠠᠷ》᠎ᠤᠨ ᠰᠤᠳᠤᠯᠭ᠋ᠠᠨ᠎ᠤ ᠡᠷᠳᠡᠮᠲᠡᠨ ᠵᠢᠴᠢ ᠦᠷ᠎ᠡ ᠪᠦᠲᠦᠭᠡᠯ᠎ᠤᠨ ᠪᠦᠷᠢᠳᠬᠡᠯ᠂ ᠡᠯ᠎ᠡ ᠤᠯᠤᠰ᠎ᠤᠨ 《ᠵᠠᠩᠭ᠋ᠠᠷ》᠎ᠤᠨ ᠰᠤᠳᠤᠯᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠦᠭᠰᠡᠨ ᠬᠤᠰᠢᠭᠤᠷᠠᠯ ᠠᠰᠠᠭᠤᠳᠠᠯ ᠵᠡᠷᠭᠡ ᠵᠥᠪᠯᠡᠬᠦ ᠰᠡᠳᠦᠪ᠎ᠢ ᠰᠤᠳᠤᠯᠤᠨ ᠶᠠᠷᠢᠯᠴᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ ᠴᠡᠪᠡᠷ 《ᠥᠪᠥᠷ ᠮᠣᠩᠭᠣᠯ ᠣᠷᠣᠨ᠎ᠤ 〈ᠵᠠᠩᠭ᠋ᠠᠷ〉᠎ᠢ ᠤᠯᠠᠮᠵᠢᠯᠠᠨ ᠳᠡᠯᠭᠡᠷᠡᠭᠦᠯᠬᠦ ᠠᠵᠢᠯ᠎ᠤᠨ ᠦᠢ᠍ᠯᠡᠳᠦᠯᠭᠡ ᠵᠢᠨ ᠵᠠᠳᠠᠯᠤᠯᠲᠠ》 ᠭᠡᠬᠦ ᠰᠡᠳᠦᠪ ᠵᠶ᠋ᠡᠷ ᠶᠡᠬᠡ ᠬᠤᠷᠠᠯ ᠳᠡᠭᠡᠷ᠎ᠡ ᠶᠠᠷᠢᠶ᠎ᠠ ᠲᠠᠯᠪᠢᠵᠦ᠂ ᠡᠷᠳᠡᠮ ᠰᠢᠨᠵᠢᠯᠡᠭᠡᠨ᠎ᠳᠤ ᠬᠦᠴᠦᠨ ᠨᠡᠮᠡᠷᠢᠯᠡᠬᠦ᠂ ᠤᠯᠠᠮᠵᠢᠯᠠᠨ ᠬᠥᠮᠥᠵᠢᠭᠦᠯᠬᠦ᠂ ᠠᠬᠢᠭᠤᠯᠤᠨ ᠳᠡᠯᠭᠡᠷᠡᠭᠦᠯᠬᠦ᠂ ᠨᠣᠮ ᠪᠢᠴᠢᠭ ᠬᠡᠪᠯᠡᠭᠦᠯᠬᠦ᠂ ᠳ᠋ᠢᠭᠢᠲᠴᠢᠯᠡᠵᠦ ᠬᠦᠴᠦᠨ ᠨᠡᠮᠡᠷᠢᠯᠡᠬᠦ ᠵᠡᠷᠭᠡ ᠲᠠᠯ᠎ᠠ᠎ᠪᠠᠷ ᠥᠪᠥᠷ ᠮᠣᠩᠭᠣᠯ ᠣᠷᠣᠨ᠎ᠳᠤ 《ᠵᠠᠩᠭ᠋ᠠᠷ》᠎ᠢ ᠤᠯᠠᠮᠵᠢᠯᠠᠨ ᠳᠡᠯᠭᠡᠷᠡᠭᠦᠯᠬᠦ ᠠᠵᠢᠯ᠎ᠤᠨ ᠦᠢ᠍ᠯᠡᠳᠦᠯᠭᠡ ᠵᠢᠴᠢ ᠳᠠᠷᠠᠭ᠋ᠠᠴᠢ ᠵᠢᠨ ᠠᠵᠢᠯ᠎ᠤᠨ ᠲᠥᠯᠥᠪᠯᠡᠭᠡ᠎ᠪᠠᠨ ᠨᠠᠷᠢᠨ ᠲᠠᠨᠢᠯᠴᠠᠭᠤᠯᠵᠠᠢ᠃
ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠡᠷᠳᠡᠮᠲᠡᠳ ᠥᠪᠥᠷ ᠮᠣᠩᠭᠣᠯ ᠣᠷᠣᠨ᠎ᠤ 《ᠵᠠᠩᠭ᠋ᠠᠷ》᠎ᠢ ᠤᠯᠠᠮᠵᠢᠯᠠᠨ ᠳᠡᠯᠭᠡᠷᠡᠭᠦᠯᠬᠦ ᠣᠢ᠌ᠷ᠎ᠠ ᠵᠢᠨ ᠵᠢᠯ᠎ᠳᠤ ᠥᠷᠨᠢᠭᠦᠯᠦᠭᠰᠡᠨ ᠠᠵᠢᠯ᠎ᠢ ᠭᠦᠢ᠍ᠴᠡᠳ ᠨᠤᠲᠠᠯᠠᠵᠤ ᠳᠡᠭᠡᠳᠦ ᠬᠡᠮᠵᠢᠶ᠎ᠡ᠎ᠪᠠᠷ ᠮᠡᠳᠡᠷᠡᠪᠡ᠃
ᠬᠤᠷᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ ᠳᠤᠮᠳᠠᠳᠤ ᠤᠯᠤᠰ᠎ᠤᠨ 《ᠵᠠᠩᠭ᠋ᠠᠷ》 ᠰᠤᠳᠤᠯᠭ᠋ᠠᠨ᠎ᠤ ᠨᠡᠢ᠌ᠭᠡᠮᠯᠢᠭ᠎ᠲᠤ 《ᠵᠠᠩᠭ᠋ᠠᠷ᠎ᠤᠨ ᠬᠤᠰᠢᠭᠤᠴᠢ ᠰᠤᠳᠤᠯᠤᠯ᠎ᠤᠨ ᠴᠤᠪᠤᠷᠠᠯ ᠪᠢᠴᠢᠭ》᠎ᠢ ᠪᠡᠯᠡᠭᠯᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ