ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ 《ᠭᠤᠷᠪᠠ ᠵᠢ ᠪᠤᠲᠠᠲᠠᠢ᠌ᠵᠢᠭᠤᠯᠬᠤ》᠎ᠪᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠪᠤᠳᠠᠳᠠᠢ᠌ᠵᠢᠭᠤᠯᠤᠨ ᠭᠦᠨᠵᠡᠭᠡᠢ᠌ᠷᠡᠭᠦᠯᠬᠦ ᠵᠢ ᠦᠨᠡᠨ ᠬᠦ᠌ ᠠᠬᠢᠭᠤᠯᠪᠠ
ᠨᠡᠶ᠋ᠢᠲᠡᠯᠡᠭᠰᠡᠨ ᠴᠠᠭ᠄ 2024-07-09

      ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ ᠡᠬᠦᠨ᠎ᠢ ᠢᠮᠠᠭᠲᠠ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠪᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠶᠠᠷᠢᠶ᠎ᠠ ᠪᠣᠯᠣᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠵᠣᠬᠢᠶᠠᠨ ᠪᠠᠢ᠌ᠭᠤᠯᠵᠤ ᠤᠳᠤᠷᠢᠳᠬᠤ ᠵᠢ ᠪᠤᠲᠠᠲᠠᠢ᠌ᠵᠢᠭᠤᠯᠬᠤ᠂ ᠰᠤᠷᠤᠯᠴᠠᠨ ᠰᠤᠳᠤᠯᠤᠨ ᠶᠠᠷᠢᠯᠴᠠᠬᠤ ᠵᠢ ᠪᠤᠲᠠᠲᠠᠢ᠌ᠵᠢᠭᠤᠯᠬᠤ᠂ ᠤᠬᠠᠭᠤᠯᠵᠤ ᠬᠦᠳᠦᠯᠦᠨ ᠵᠢᠯᠤᠭᠣᠳᠬᠤ ᠵᠢ  ᠪᠤᠳᠠᠳᠠᠢ᠌ᠵᠢᠭᠤᠯᠪᠠ᠃ ᠨᠢᠭᠡ᠎ᠳᠤ᠂ ᠵᠣᠬᠢᠶᠠᠨ ᠪᠠᠢ᠌ᠭᠤᠯᠵᠤ ᠤᠳᠤᠷᠢᠳᠬᠤ ᠵᠢ ᠪᠤᠳᠠᠳᠠᠢ᠌ᠵᠢᠭᠤᠯᠪᠠ᠃ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ 4 ᠳ᠋ᠦ᠍ᠭᠡᠷ ᠰᠠᠷ᠎ᠠ ᠵᠢᠨ 15᠎ᠤ ᠡᠳᠦᠷ ᠨᠠᠮ᠎ᠤᠨ ᠭᠡᠰᠢᠭᠦᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠡ ᠵᠢᠨ ᠠᠯᠪᠠᠨ ᠲᠢᠩᠬᠢᠮ᠎ᠤᠨ 〈ᠪᠦᠬᠦ ᠨᠠᠮ᠎ᠤᠨ ᠳᠣᠲᠣᠷ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ〉》᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠬᠡᠷᠡᠭᠵᠢᠭᠦᠯᠬᠦ ᠲᠥᠰᠥᠯ᠎ᠤᠨ ᠲᠤᠬᠠᠢ ᠮᠡᠳᠡᠭᠳᠡᠯ》᠎ᠢ ᠰᠤᠷᠤᠯᠴᠠᠨ ᠤᠯᠠᠮᠵᠢᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠪᠠ ᠲᠤᠬᠠᠢ᠌ᠯᠠᠭᠰᠠᠨ ᠠᠵᠢᠯ᠎ᠢ ᠵᠡᠷᠭᠡ᠎ᠳᠤ᠎ᠨᠢ ᠠᠬᠢᠭᠤᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠳᠤᠯᠠᠪᠠ᠃ ᠬᠣᠶᠠᠷ᠎ᠲᠤ ᠰᠤᠷᠤᠯᠴᠠᠨ ᠰᠤᠳᠤᠯᠤᠨ ᠶᠠᠷᠢᠯᠴᠠᠬᠤ ᠵᠢ ᠪᠤᠳᠠᠳᠠᠢ᠌ᠵᠢᠭᠤᠯᠪᠠ᠃ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠤᠨ ᠭᠡᠰᠢᠬᠦᠨ ᠲᠡᠭᠡᠷ᠎ᠡ᠎ᠠᠴᠠ ᠲᠤᠷᠤᠭᠰᠢ ᠲᠠᠢ᠌ᠴᠢᠯᠠᠬᠤ ᠵᠢ ᠪᠠᠷᠢᠮᠲᠠᠯᠠᠵᠤ᠂ ᠤᠳᠤᠷᠢᠳᠤᠨ ᠰᠤᠷᠤᠯᠴᠠᠬᠤ ᠳᠠᠭ᠋ᠠᠭᠤᠯᠤᠨ ᠰᠤᠷᠤᠯᠴᠠᠬᠤ ᠰᠤᠷᠤᠯᠴᠠᠯᠭ᠎ᠠ ᠵᠢ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠵᠢ 《ᠭᠠᠷᠠᠭ᠎ᠤᠨ ᠨᠢᠭᠡᠨ᠎ᠤ ᠡᠷᠲᠡ ᠵᠢᠨ ᠰᠤᠷᠤᠯᠴᠠᠯᠭ᠎ᠠ》 ᠵᠢᠨ ᠵᠠᠪᠠᠯ ᠰᠤᠷᠬᠤ ᠠᠭᠤᠯᠭ᠎ᠠ᠎ᠳᠤ ᠣᠷᠣᠭᠤᠯᠵᠤ᠂ ᠨᠠᠮ᠎ᠤᠨ ᠭᠡᠰᠢᠭᠦᠨ ᠺᠠᠳ᠋ᠷ᠎ᠤᠨ 《ᠳᠦᠷᠢᠮ》᠎ᠢ ᠲᠡᠷᠡ ᠬᠡᠪ ᠵᠶ᠋ᠡᠷ᠎ᠨᠢ ᠪᠦᠯᠦᠭ ᠳᠠᠷᠠᠭ᠋ᠠᠯᠠᠨ ᠤᠩᠰᠢᠵᠦ ᠰᠤᠷᠤᠯᠴᠠᠬᠤ ᠵᠢ ᠵᠣᠬᠢᠶᠠᠨ ᠪᠠᠢ᠌ᠭᠤᠯᠵᠦ᠂ ᠲᠤᠰᠬᠠᠢ ᠰᠡᠳᠦᠪᠲᠦ ᠰᠤᠷᠤᠯᠴᠠᠯᠭ᠎ᠠ ᠵᠢ 4 ᠤᠳᠠᠭ᠎ᠠ ᠥᠷᠨᠢᠭᠦᠯᠵᠦ᠂ 2 ᠤᠳᠠᠭ᠎ᠠ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠰᠦᠯᠵᠢᠶᠡᠨ ᠭᠠᠳᠠᠨᠠᠬᠢ ᠰᠤᠷᠤᠯᠴᠠᠯᠭ᠎ᠠ ᠵᠢ ᠠᠬᠢᠭᠤᠯᠬᠤ ᠵᠢᠨ ᠬᠠᠮᠲᠤ᠂ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠵᠦ ᠰᠢᠨ᠎ᠡ ᠵᠠᠭᠤᠴᠢᠯᠠᠭᠤᠷ᠎ᠤᠨ ᠲᠠᠮᠵᠢᠭᠤᠯᠭ᠎ᠠ ᠵᠢᠨ ᠦᠢ᠍ᠯᠡᠳᠦᠯ ᠴᠢᠳᠠᠪᠬᠢ ᠵᠢ ᠠᠰᠢᠭᠯᠠᠵᠤ᠂ ᠰᠤᠷᠤᠯᠴᠠᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠨᠠᠮ᠎ᠤᠨ ᠭᠡᠰᠢᠬᠦᠨ᠎ᠢ ᠵᠣᠬᠢᠶᠠᠨ ᠪᠠᠢ᠌ᠭᠤᠯᠵᠦ 《ᠰᠤᠷᠤᠯᠴᠠᠯᠭ᠎ᠠ ᠵᠢᠨ ᠬᠦᠴᠦᠷᠭᠡᠭ ᠤᠯᠤᠰ》᠂ ᠡᠪ ᠬᠠᠮᠲᠤ ᠨᠠᠮ᠎ᠤᠨ ᠭᠡᠰᠢᠭᠦᠨ᠎ᠤ ᠰᠦᠯᠵᠢᠶ᠎ᠡ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠰᠦᠯᠵᠢᠶ᠎ᠡ ᠵᠡᠷᠭᠡ ᠰᠦᠯᠵᠢᠶᠡᠨ᠎ᠤ ᠲᠠᠪᠴᠠᠩ᠎ᠢ ᠠᠰᠢᠭᠯᠠᠵᠤ᠂ ᠨᠠᠮ᠎ᠤᠨ ᠰᠠᠬᠢᠯᠭ᠎ᠠ ᠪᠠᠲᠤ ᠵᠢᠨ ᠬᠣᠯᠪᠣᠭᠳᠠᠯ ᠪᠦᠬᠦᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠦᠷᠭᠦᠯᠵᠢᠯᠡᠨ ᠰᠤᠷᠤᠯᠴᠠᠵᠤ᠂ ᠨᠠᠮ᠎ᠤᠨ ᠭᠡᠰᠢᠭᠦᠨ ᠺᠠᠳ᠋ᠷ᠎ᠤᠨ ᠨᠠᠮ᠎ᠤᠨ ᠳᠦᠷᠢᠮ ᠨᠠᠮ᠎ᠤᠨ ᠰᠠᠬᠢᠯᠭ᠎ᠠ ᠪᠠᠲᠤ ᠵᠢ ᠵᠢᠷᠤᠮᠯᠠᠬᠤ ᠤᠬᠠᠮᠰᠠᠷ᠎ᠢ ᠴᠢᠩᠭ᠋ᠠᠳᠬᠠᠪᠠ᠃ ᠭᠤᠷᠪᠠ᠎ᠳᠤ ᠤᠬᠠᠭᠤᠯᠵᠤ ᠬᠥᠲᠥᠯᠥᠨ ᠵᠢᠯᠤᠭᠣᠳᠬᠤ ᠵᠢ ᠪᠤᠳᠠᠳᠠᠢ᠌ᠵᠢᠭᠤᠯᠪᠠ᠃ ᠪᠦᠬᠦ ᠨᠠᠮ᠎ᠤᠨ ᠭᠡᠰᠢᠭᠦᠨ᠎ᠳᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠤᠯᠠᠮ ᠴᠠᠭ᠋ᠠᠰᠢᠲᠠ ᠭᠦᠨᠵᠡᠭᠡᠢ ᠰᠤᠷᠤᠯᠴᠠᠭᠤᠯᠬᠤ ᠵᠢᠨ ᠲᠥᠯᠥᠭᠡ᠂ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠤᠢ᠌ᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠬᠥᠲᠥᠯᠥᠨ ᠵᠢᠯᠤᠭᠤᠳᠬᠤ ᠵᠢᠨ ᠲᠤᠰᠠᠳᠠ᠂ 6 ᠳ᠋ᠤᠭ᠋ᠠᠷ ᠰᠠᠷ᠎ᠠ ᠵᠢᠨ 25᠎ᠤ ᠡᠳᠦᠷ᠂ ᠨᠠᠮ᠎ᠤᠨ ᠡᠭᠦᠷ᠎ᠤᠨ ᠳᠡᠳ᠋ ᠱᠦᠵᠢ ᠯᠢ ᠯᠢ ᠨᠥᠬᠥᠷ ᠦᠪᠡᠷ᠎ᠤᠨ ᠰᠤᠷᠤᠯᠴᠠᠭᠰᠠᠨ ᠣᠢ᠌ᠯᠠᠭ᠋ᠠᠯᠲᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ  ᠤᠶᠠᠯᠳᠤᠭᠤᠯᠵᠦ ᠪᠦᠬᠦ ᠨᠠᠮ᠎ᠤᠨ ᠭᠡᠰᠢᠭᠦᠨ᠎ᠳᠤ 《ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠠᠢ᠌ᠨ ᠺᠠᠳ᠋ᠷ ᠪᠣᠯᠬᠤ ᠬᠡᠷᠡᠭᠲᠡᠢ》 ᠭᠡᠬᠦ ᠰᠡᠳᠦᠪ ᠵᠶ᠋ᠡᠷ ᠨᠠᠮ᠎ᠤᠨ ᠬᠢᠴᠢᠶᠡᠯ ᠤᠷᠤᠵᠦ᠂ ᠤᠯᠤᠰ ᠲᠥᠷᠥ ᠵᠢᠨ ᠰᠠᠬᠢᠯᠭ᠎ᠠ ᠪᠠᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠵᠢᠨ ᠰᠠᠬᠢᠯᠭ᠎ᠠ ᠪᠠᠲᠤ᠂ ᠣᠯᠠᠨ ᠲᠦᠮᠡᠨᠴᠢ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ ᠪᠠ ᠠᠮᠢᠳᠤᠷᠠᠯ᠎ᠤᠨ ᠰᠠᠬᠢᠯᠭ᠎ᠠ ᠪᠠᠲᠤ ᠵᠡᠷᠭᠡ 6 ᠲᠠᠯ᠎ᠠ ᠵᠢᠨ ᠰᠠᠬᠢᠯᠭ᠎ᠠ ᠪᠠᠲᠤ ᠵᠢ ᠭᠦᠨᠵᠡᠭᠡᠢ ᠣᠢ᠌ᠯᠠᠭ᠋ᠠᠮᠵᠢᠲᠠᠢ ᠲᠠᠢ᠌ᠯᠪᠤᠢ᠌ᠯᠠᠬᠤ ᠵᠢᠨ ᠬᠠᠮᠳᠤ ᠰᠤᠳᠤᠷ ᠪᠢᠴᠢᠭ᠎ᠤᠨ ᠠᠵᠢᠯ᠎ᠲᠠᠢ ᠤᠶᠠᠯᠳᠤᠭᠤᠯᠵᠦ᠂ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠳᠤᠮᠳᠠ ᠠᠩᠬᠠᠷᠬᠤ ᠴᠢᠬᠤᠯᠠᠳᠠᠢ ᠵᠦᠢ᠍ᠯᠡᠰ᠎ᠢ ᠴᠢᠬᠤᠯᠠᠴᠢᠯᠠᠵᠤ᠂ ᠨᠠᠮ᠎ᠤᠨ ᠭᠡᠰᠢᠭᠦᠨ ᠺᠠᠳ᠋ᠷ᠎ᠤᠨ ᠰᠤᠷᠤᠯᠴᠠᠯᠭ᠎ᠠ ᠵᠢᠨ ᠶᠠᠰᠤ ᠴᠢᠨᠠᠷ ᠦᠷ᠎ᠡ ᠪᠦᠲᠦᠮᠵᠢ ᠪᠠ ᠣᠢ᠌ᠯᠠᠭ᠋ᠠᠵᠤ ᠬᠡᠷᠡᠭᠯᠡᠬᠦ ᠬᠢᠷᠢ ᠲᠦᠪᠰᠢᠨ᠎ᠢ ᠬᠥᠲᠥᠯᠥᠨ ᠵᠢᠯᠤᠭᠣᠳᠴᠤ ᠲᠡᠭᠡᠭᠰᠢᠯᠡᠬᠦᠯᠪᠡ᠃
      ᠳᠠᠷᠠᠭ᠋ᠠᠴᠢ ᠵᠢᠨ ᠠᠯᠬᠤᠮ᠎ᠳᠤ᠂ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠨᠢ ᠤᠭ ᠰᠠᠨᠠᠭ᠎ᠠ᠎ᠪᠠᠨ ᠦᠷᠭᠦᠯᠵᠢᠯᠡᠨ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠤᠨ ᠭᠦᠨᠴᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠨᠡᠩ ᠠᠮᠢᠳᠤᠯᠢᠭ ᠠᠷᠭ᠎ᠠ ᠬᠡᠯᠪᠡᠷᠢ᠎ᠪᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠤᠳᠤᠷ ᠪᠢᠴᠢᠭ᠎ᠤᠨ ᠦᠢ᠍ᠯᠡᠰ᠎ᠤᠨ ᠬᠥᠭᠵᠢᠯᠲᠡ᠎ᠲᠠᠢ ᠭᠦᠨᠵᠡᠭᠡᠢ ᠠᠭᠤᠰᠤᠯᠴᠠᠭᠤᠯᠬᠤ ᠵᠢ ᠢᠳᠡᠪᠬᠢᠲᠡᠢ ᠰᠦᠪᠡᠭᠴᠢᠯᠡᠵᠦ᠂ ᠰᠠᠢ᠌ᠨ ᠰᠠᠢ᠌ᠬᠠᠨ ᠠᠵᠢᠯ᠎ᠤᠨ ᠰᠤᠷᠲᠠᠯ ᠵᠶ᠋ᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠤᠳᠠᠳᠠᠢ᠌ᠵᠢᠭᠤᠯᠬᠤ ᠵᠢ ᠪᠠᠲᠤᠯᠠᠬᠤ ᠪᠣᠯᠤᠨ᠎ᠠ᠃



          ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ